ᢉᠡᠷ ᠪᠦᠯᠢ᠂ ᢈᠥᠳᠡᠯᠮᠦᠷᠢ ᠨᠡᠶᠢᢉᠡᠮ ᠦ᠋ᠨ ᠬᠠᠮᠠᠭᠠᠯᠠᠯ ᠤ᠋ᠨ ᠶᠠᠮᠤᠨ ᠪᠣᠯᠤᠨ ᠲᠡᢉᠦᠨ ᠦ᠋ ᠬᠠᠷᠢᠶ᠎ᠠ ᠪᠠᠶᠢᠭᠤᠯᠤᠯᠭ᠎ᠠ ᠨᠤᠭᠤᠳ ᠲᠠᠢ ᠠᠭᠤᠯᠵᠠᠯᠲᠠ ᠵᠣᢈᠢᠶᠠᠨ ᠪᠠᠶᠢᠭᠤᠯᠤᠯ᠎ᠠ


“ᠢ-ᠮᠣᠩᠭᠤᠯ ᠠᠻᠠᠳ᠋ᠧᠮᠢ” ᠤᠲᠤᠭ- ᠤ᠋ᠨ ᢈᠥᢉᠵᠢᢉᠦᠯᠵᠦ ᠪᠤᠢ E-Mongolia ᠰᠢᠰᠲ᠋ᠧᠮ ᠳ᠋ᠦ ᠣᠳᠤ ᠶ᠋ᠢᠨ ᠪᠠᠶᠢᠳᠠᠯ ᠢ᠋ᠶᠠᠷ 88 ᠪᠠᠶᠢᠭᠤᠯᠤᠯᠭ᠎ᠠ ᠶ᠋ᠢᠨ 1264 ᠦᠶᠢᠯᠡᠴᠢᠯᠡᢉᠡ ᠴᠠᢈᠢᠮᠵᠢᠭᠰᠠᠨ᠃  ᠡᢉᠦᠨ ᠡᠴᠡ ᠵᠠᠷᠢᠮ ᠦᠢᠯᠡᠴᠢᠯᠡᢉᠡ ᠶ᠋ᠢ ᠢᠷᢉᠡᠳ ᠦ᠋ᠨ ᠬᠤᠪᠢ ᠳ᠋ᠤ ᠣᠭᠲᠤ ᠮᠡᠳᠡᢈᠦ ᠦᢉᠡᠢ᠂ ᠠᠪᠳᠠᠭ ᠦᢉᠡᠢ᠂ ᠠᠰᠢᠭᠯᠠᠳᠠᠭ ᠦᢉᠡᠢ ᠦᠢᠯᠡᠴᠢᠯᠡᢉᠡ ᠨᠦ᠋ᢉᠦᠳ ᠰᠤᠳᠤᠯᠭᠠᠨ ᠤ᠋ ᠦᠨᠳᠦᠰᠦᠨ ᠳᠡᢉᠡᠷ᠎ᠡ ᠭᠠᠷᠤᠭᠰᠠᠨ ᠲᠤᠯᠠ ᠴᠠᠭᠠᠰᠢᠳᠠ ᠳᠡᢉᠡᠷᠡᢈᠢ ᠠᠰᠠᠭᠤᠳᠠᠯ ᠳᠡᢉᠡᠷ᠎ᠡ ᠲᠦᠯᢈᠢᢉᠦᠦ ᠠᠩᠬᠠᠷᠴᠤ ᠲᠤᠬᠠᠢ ᠶ᠋ᠢᠨ ᠦᠢᠯᠡᠴᠢᠯᠡᢉᠡ ᠶ᠋ᠢ ᠦᠵᠡᢉᠦᠯᠳᠡᢉ ᠲᠥᠷᠦ ᠶ᠋ᠢᠨ ᠪᠠᠶᠢᠭᠤᠯᠤᠯᠭ᠎ᠠ ᠨᠤᠭᠤᠳ ᠲᠠᠢ ᠬᠠᠮᠲᠤ ᠶ᠋ᠢᠨ ᠠᠵᠢᠯᠯᠠᠭ᠎ᠠ ᠶ᠋ᠢ ᠪᠡᢈᠢᠵᠢᢉᠦᠯᢈᠦ ᠠᠭᠤᠯᠵᠠᠯᠲᠠ ᠶ᠋ᠢ ᠱᠠᠲᠤ ᠳᠠᠷᠠᠭ᠎ᠠ ᠲᠠᠢ ᠵᠣᢈᠢᠶᠠᠨ ᠪᠠᠶᠢᠭᠤᠯᠵᠤ ᠡᢈᠢᠯᠡᢉᠰᠡᠨ ᠪᠥᢉᠡᠳ /2025᠂02᠂17/-ᠨ ᠤ᠋ ᠡᠳᠦᠷ ᢉᠡᠷ ᠪᠦᠯᠢ᠂ ᢈᠥᠳᠡᠯᠮᠦᠷᠢ᠂ ᠨᠡᠶᠢᢉᠡᠮ ᠦ᠋ᠨ ᠬᠠᠮᠠᠭᠠᠯᠠᠯ ᠤ᠋ᠨ ᠶᠠᠮᠤᠨ᠂ᠲᠡᢉᠦᠨ ᠦ᠋ ᠬᠠᠷᠢᠶ᠎ᠠ ᠪᠠᠶᠢᠭᠤᠯᠤᠯᠭ᠎ᠠ ᠨᠤᠭᠤᠳ ᠤ᠋ᠨ ᠤᠳᠤᠷᠢᠳᠬᠤ ᠠᠯᠪᠠᠨ ᠲᠤᠰᠢᠶᠠᠯᠲᠠᠨ ᠨᠤᠭᠤᠳ ᠪᠣᠯᠤᠨ ᠮᠡᠳᠡᢉᠡᠯᠡᠯ ᠦ᠋ᠨ ᠲᠧᠻᠨᠣᠯᠣᢉᠢ᠂ ᢈᠡᠪᠯᠡᠯ ᠦ᠋ᠨ ᠮᠡᠷᢉᠡᠵᠢᠯᠲᠡᠨ ᠨᠦ᠋ᢉᠦᠳ ᠦ᠋ᠨ ᠬᠠᠮᠲᠤᠷᠠᠭᠰᠠᠨ ᠠᠭᠤᠯᠵᠠᠯᠲᠠ ᠵᠣᢈᠢᠶᠠᠨ ᠪᠠᠶᠢᠭᠤᠯᠤᠯ᠎ᠠ᠃ ᠠᠭᠤᠯᠵᠠᠯᠲᠠ ᠪᠠᠷ ᠦᠢᠯᠡᠴᠢᠯᠡᢉᠡᠨ ᠦ᠋ ᠴᠢᠨᠠᠷ᠂ ᢈᠦᠷᠲᠡᢉᠡᠮᠵᠢ ᠶ᠋ᠢ ᠰᠠᠶᠢᠵᠢᠷᠠᠭᠤᠯᠬᠤ᠂ ᠢᠷᢉᠡᠳ ᠲᠦ ᠴᠠᠭ ᠠᠯᠳᠠᠯ ᠦᢉᠡᠢ ᠮᠡᠳᠡᢉᠡᠯᠡᠯ ᠢ᠋ ᢈᠦᠷᢈᠡᢈᠦ᠂ ᠲᠥᠷᠦ ᠶ᠋ᠢᠨ ᠦᠢᠯᠡᠴᠢᠯᠡᢉᠡ ᠶ᠋ᠢ ᠢᠯᠡᢉᠦᠦ ᠰᠤᠷᠲᠠᠯᠴᠢᠯᠠᠬᠤ ᠵᠡᠷᢉᠡ ᠴᠢᠬᠤᠯᠠ ᠠᠰᠠᠭᠤᠳᠠᠯ ᠤ᠋ᠳ ᠢ᠋ ᢈᠡᠯᠡᠯᠴᠡᠯ᠎ᠡ᠃  ᠲᠡᢉᠦᠨᠴᠢᠯᠡᠨ ᠴᠠᢈᠢᠮ ᠤᠷ᠎ᠠ ᠴᠢᠳᠠᠪᠤᠷᠢ ᠶ᠋ᠢᠨ ᠮᠡᠳᠡᠯᢉᠡ ᠬᠣᠮᠰᠠ ᠪᠠᠶᠢᠭ᠎ᠠ ᠠ᠋ᠴᠠ ᠲᠥᠷᠦ ᠶ᠋ᠢᠨ ᠦᠢᠯᠡᠴᠢᠯᠡᢉᠡ ᠠᠪᠬᠤ ᠳ᠋ᠤ ᢈᠦᠨᠳᠦᠷᠡᠯ ᠲᠡᠢ ᠪᠠᠶᠢᠭ᠎ᠠ ᠵᠣᠷᠢᠯᠲᠠ ᠳ᠋ᠤ ᠪᠦᠯᠦᢉ᠂ ᠢᠯᠠᠩᠭᠤᠶ᠎ᠠ ᠥᠨᠳᠦᠷ ᠨᠠᠰᠤᠲᠠᠨ᠂ ᠲᠤᠰᠬᠠᠢ ᢈᠡᠷᠡᢉᠴᠡᢉᠡᠲᠦ ᠢᠷᢉᠡᠳ ᠲᠦ ᠵᠣᠷᠢᠭᠤᠯᠤᠨ ᠵᠠᠷᠢᠮ ᠦᠢᠯᠡᠴᠢᠯᠡᢉᠡ ᠶ᠋ᠢ ᠰᠠᠶᠢᠵᠢᠷᠠᠭᠤᠯᠬᠤ᠂ ᠴᠠᢈᠢᠮᠵᠢᠭᠤᠯᠬᠤ ᠱᠠᠭᠠᠷᠳᠠᠯᠭᠠᠲᠠᠢ ᢉᠡᠳᠡᢉ ᠢ᠋ ᠣᠨᠴᠠᠯᠠᠭᠰᠠᠨ ᠶᠤᠮ᠃  ᠥᠨᠦᠳᠦᠷ ᠦ᠋ᠨ ᠪᠠᠶᠢᠳᠠᠯ ᠢ᠋ᠶᠠᠷ ᢉᠪᠬᠠᠨᢈᠢ- ᠶ᠋ᠢᠨ E-Mongolia ᠰᠢᠰᠲ᠋ᠧᠮ ᠦ᠋ᠨ ᠬᠠᠮᠤᠭ ᠤ᠋ᠨ ᠡᠷᠢᠯᠲᠡᠲᠡᠢ ᠦᠢᠯᠡᠴᠢᠯᠡᢉᠡ ᠨᠢ ᠨᠡᠶᠢᢉᠡᠮ ᠦ᠋ᠨ ᠳᠠᠭᠠᠳᠬᠠᠯ ᠤ᠋ᠨ ᠰᠢᠮᠡᠳᢈᠡᠯ ᠲᠥᠯᠦᠯᠲᠡ ᠶ᠋ᠢᠨ ᠯᠠᠪᠯᠠᠭ᠎ᠠ ᠶ᠋ᠢ ᠢᠷᢉᠡᠳ 15᠂521᠂578 ᠤᠳᠠᠭ᠎ᠠ ᠠᠪᠤᠭᠰᠠᠨ ᠨᠢ ᠴᠠᢈᠢᠮ ᠦᠢᠯᠡᠴᠢᠯᠡᢉᠡᠨ ᠦ᠋ ᢈᠡᠷᠡᢉᠴᠡᢉᠡ᠂ᠡᠷᠢᠯᠲᠡ ᠥᠨᠳᠦᠷ ᠪᠠᠶᠢᠭ᠎ᠠ ᠶ᠋ᠢ ᠢᠯᠡᠳᢈᠡᠵᠦ ᠪᠠᠶᠢᠨ᠎ᠠ᠃  ᢉᠡᠷ ᠪᠦᠯᠢ᠂ ᢈᠥᠳᠡᠯᠮᠦᠷᠢ᠂ ᠨᠡᠶᠢᢉᠡᠮ ᠦ᠋ᠨ ᠬᠠᠮᠠᠭᠠᠯᠠᠯ ᠤ᠋ᠨ ᠶᠠᠮᠤᠨ ᠪᠣᠯᠤᠨ ᠲᠡᢉᠦᠨ ᠦ᠋ ᠬᠠᠷᠢᠶ᠎ᠠ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠠᠵᠢᠯᠯᠠᠬᠤ᠂ ᠢᠷᢉᠡᠳ ᠦ᠋ᠨ ᠬᠠᠮᠤᠭ ᠤ᠋ᠨ ᠱᠠᠭᠠᠷᠳᠠᠯᠭ᠎ᠠ ᠲᠠᠢ ᠦᠶᠢᠯᠡᠴᠢᠯᠡᢉᠡ ᠶ᠋ᠢ E-Mongolia ᠰᠢᠰᠲ᠋ᠧᠮ ᠳ᠋ᠦ ᠨᠡᠮᠡᠵᠦ ᠣᠷᠤᠭᠤᠯᠬᠤ᠂ ᠦᠢᠯᠡᠴᠢᠯᠡᢉᠡ ᠶ᠋ᠢ ᠢᠯᠡᢉᠦᠦ ᠣᠶᠢᠯᠠᠭᠠᠮᠵᠢᠲᠠᠢ᠂ ᢈᠢᠯᠪᠠᠷ ᠪᠣᠯᠭᠠᠬᠤ ᠲᠠᠯᠠᠭᠠᠷ ᠲᠣᠳᠤᠷᠬᠠᠢ ᠠᠯᠬᠤᠮ ᠤ᠋ᠳ ᠢ᠋ ᠬᠠᠮᠲᠤᠷᠠᠨ ᢈᠡᠷᠡᢉᠵᠢᢉᠦᠯᢈᠦ ᠪᠡᠷ ᠰᠠᠨᠠᠯ ᠰᠣᠯᠢᠯᠴᠠᠯ᠎ᠠ᠃

ᠨᠡᠶᠢᠲᠡᠯᠡᠭᠰᠡᠨ᠄