ᠲᠠ 1072 ᠬᠤᠪᠢᠴᠠᠭᠠᠨ ᠤ᠋ ᠨᠣᠭᠳᠠᠯ ᠠᠰᠢᠭ ᠢ᠋ᠶᠠᠨ ᠬᠤᠷᠠᠮᠲᠤᠯᠠᠯ ᠤ᠋ᠨ ᠳᠠᠩᠰᠠᠨ ᠳ᠋ᠤ ᠪᠠᠶᠢᠷᠢᠰᠢᠭᠤᠯᠬᠤ ᠪᠣᠯᠤᠮᠵᠢ ᠲᠠᠢ


ᠲᠠ ᠢ ᠮᠣᠩᠭᠤᠯᠢᠶ᠎ᠠ – ᠢ᠋ᠶᠠᠷ ᠨᠡᠪᠲᠡᠷᠡᠨ “ᠡᠷᠳᠡᠨᠢᠰ ᠲᠠᠪᠤᠨᠲᠤᠯᠤᠭᠠᠢ” ᠬᠻ-ᠡᠶᠢᠨ ᠥᠪᠡᠷ ᠦ᠋ᠨ ᠡᠵᠡᠮᠰᠢᠯ ᠳ᠋ᠡᢈᠢ ᠬᠤᠪᠢᠴᠠᠭᠠᠨ ᠤ᠋ ᠨᠣᠭᠳᠠᠯ ᠠᠰᠢᠭ ᠢ᠋ ᠴᠠᠭᠠᠰᠢᠳᠠ ᢈᠡᠷᢈᠢᠨ ᠠᠰᠢᠭᠯᠠᠬᠤ ᠲᠠᠯᠠᠭᠠᠷᢈᠢ ᠰᠠᠨᠠᠯ ᠪᠣᠳᠤᠯ ᠢ᠋ᠶᠠᠨ ᠬᠤᠪᠢᠶᠠᠯᠴᠠᠬᠤ ᠪᠣᠯᠤᠮᠵᠢ ᠲᠠᠢ᠃  ᠳᠠᠷᠠᠭᠠᢈᠢ ᠭᠤᠷᠪᠠᠨ ᠰᠣᠩᠭᠤᠯᠲᠠ ᠠ᠋ᠴᠠ ᠨᠢᢉᠡ ᠶ᠋ᠢ ᢈᠢᢈᠦ ᠪᠣᠯᠤᠮᠵᠢ ᠲᠠᠢ ᠪᠠ ᠰᠠᠨᠠᠯ ᠢ᠋ E-Mongolia ᠴᠠᢈᠢᠮ ᠰᠢᠰᠲ᠋ᠧᠮ ᠢ᠋ᠶᠡᠷ ᠳᠠᠮᠵᠢᠭᠤᠯᠤᠨ 2 ᠳ᠋ᠤᠭᠠᠷ ᠰᠠᠷ᠎ᠠ ᠶ᠋ᠢᠨ 26-ᠨᠢ ᠡᠳᠦᠷ ᢈᠦᠷᠲᠡᠯ᠎ᠡ ᢈᠦᠯᠢᠶᠡᠨ ᠠᠪᠤᠨ᠎ᠠ᠃  ᠡᠨᠡ ᠬᠤᠭᠤᠴᠠᠭᠠᠨ ᠳ᠋ᠤ ᠲᠠ ᠰᠠᠨᠠᠯ ᠢ᠋ᠶᠠᠨ ᠳᠠᢈᠢᠨ ᠵᠠᠰᠠᠪᠤᠷᠢᠯᠠᠬᠤ ᠪᠣᠯᠤᠮᠵᠢ ᠲᠠᠢ᠃  ᢈᠡᠷᠪᠡ ᠰᠠᠨᠠᠯ ᠥᢉᢉᠦᠯ ᠦᢉᠡᠢ ᠦᠯᠡᠳᠡᠪᠡᠯ ᠨᠣᠭᠳᠠᠯ ᠠᠰᠢᠭ ᠨᠢ ᠠᠦ᠋ᠲ᠋ᠣᠮᠠᠲ ᠢ᠋ᠶᠠᠷ ᠲᠠᠨ ᠤ᠋ ᠪᠠᠩᠻᠢ ᠶ᠋ᠢᠨ ᠳᠠᠩᠰᠠᠨ ᠳ᠋ᠤ ᠰᠢᠯᠵᠢᢈᠦ ᠶᠠᠭᠤᠮ᠎ᠠ᠃

  1. ᠪᠡᠯᠡᠨ ᠮᠥᠩᢉᠦ – ᠨᠣᠭᠳᠠᠯ ᠠᠰᠢᠭ ᠢ᠋ᠶᠠᠨ ᠥᠪᠡᠷ ᠦ᠋ᠨ ᠪᠠᠩᠻᠢ ᠶ᠋ᠢᠨ ᠳᠠᠩᠰᠠᠨ ᠳ᠋ᠤ ᠰᠢᠭᠤᠳ ᠰᠢᠯᠵᠢᢉᠦᠯᠦᠨ ᠠᠪᠬᠤ
  2. ᠬᠤᠷᠠᠮᠲᠤᠯᠠᠯ ᠤ᠋ᠨ ᠰᠠᠩ – ᠢᠷᠡᢉᠡᠳᠦᠢ ᠳ᠋ᠦ ᢈᠡᠷᠡᢉᠯᠡᢈᠦ ᠪᠡᠷ ᠬᠤᠷᠠᠮᠲᠤᠯᠠᠭᠤᠯᠵᠤ ᠬᠠᠳᠠᠭᠠᠯᠠᠬᠤ /ᠪᠠᠶᠠᠯᠢᠭ ᠤ᠋ᠨ ᠰᠠᠩ/
  3. ᠬᠠᠩᠳᠢᠪ – ᠨᠡᠶᠢᢉᠡᠮ ᠦ᠋ᠨ ᠰᠠᠶᠢᠨ ᠦᠢᠯᠡᠰ᠂ ᠲᠣᠳᠤᠷᠬᠠᠢ ᠲᠥᠰᠦᠯ᠂ ᠰᠠᠩ ᠳ᠋ᠤ ᠬᠠᠨᠳᠢᠪᠯᠠᠬᠤ᠃

ᠡᠨᠡ ᢈᠦ ᠰᠠᠨᠠᠯ ᠠᠰᠠᠭᠤᠯᠭ᠎ᠠ ᠨᠢ ᠴᠠᠭᠠᠰᠢᠳᠠ ᠦᠨᠳᠦᠰᠦᠨ ᠦ᠋ ᠪᠠᠶᠠᠯᠢᠭ ᠤ᠋ᠨ ᠰᠠᠩ ᠤ᠋ᠨ ᠪᠣᠳᠤᠯᠭ᠎ᠠ ᠶ᠋ᠢ ᠢᠷᢉᠡᠳ ᠦ᠋ᠨ ᢈᠦᠰᠡᠯ ᠰᠣᠨᠢᠷᠬᠠᠯ ᠳ᠋ᠤ ᠨᠡᠶᠢᠴᠡᢉᠦᠯᠵᠦ᠂ ᠡᠷᠦᠳᠡᠰᠦ ᠪᠠᠶᠠᠯᠢᠭ ᠠ᠋ᠴᠠ ᠢᠷᢉᠡᠳ ᠲᠦ ᠣᠯᠭᠤᠵᠤ ᠪᠤᠢ ᠨᠣᠭᠳᠠᠯ ᠠᠰᠢᠭ ᠤ᠋ᠨ ᠨᠡᠶᠢᢉᠡᠮ᠂ ᠡᠳ᠋ ᠦ᠋ᠨ ᠵᠠᠰᠠᠭ ᠤ᠋ᠨ ᠦᠷ᠎ᠡ ᠥᢉᢉᠦᢉᠡᠵᠢ ᠶ᠋ᠢ ᠥᠨᠳᠦᠷ ᠠᠴᠢ ᠬᠣᠯᠪᠤᠭᠳᠠᠯ ᠲᠠᠢ ᠲᠤᠯᠠ ᠲᠠ ᠰᠠᠨᠠᠯ ᠠᠰᠠᠭᠤᠯᠭ᠎ᠠ ᠳ᠋ᠤ ᠢᠳᠡᠪᢈᠢ ᠲᠡᠢ ᠣᠷᠤᠯᠴᠠᠭᠠᠷᠠᠢ᠃

ᠨᠡᠶᠢᠲᠡᠯᠡᠭᠰᠡᠨ᠄