7 ᠬᠣᠨᠤᠭ ᠤ᠋ᠨ ᠲᠣᠶᠢᠮᠤ


1᠃ ᢉᠡᠷ ᠪᠦᠯᠢ᠂ ᢈᠥᠳᠡᠯᠮᠦᠷᠢ ᠨᠡᠶᠢᢉᠡᠮ ᠦ᠋ᠨ ᠬᠠᠮᠠᠭᠠᠯᠠᠯ ᠤ᠋ᠨ ᠶᠠᠮᠤᠨ ᠪᠣᠯᠤᠨ ᠲᠡᢉᠦᠨ ᠦ᠋ ᠬᠠᠷᠢᠶ᠎ᠠ ᠪᠠᠶᠢᠭᠤᠯᠤᠯᠭ᠎ᠠ ᠨᠤᠭᠤᠳ ᠲᠠᠢ ᠠᠭᠤᠯᠵᠠᠯᠲᠠ ᠵᠣᢈᠢᠶᠠᠨ ᠪᠠᠶᠢᠭᠤᠯᠤᠯ ᠢ᠋ᠶᠠᠨ ᠠᠭᠤᠯᠵᠠᠯᠲᠠ ᠪᠠᠷ ᠦᠢᠯᠡᠴᠢᠯᠡᢉᠡᠨ ᠦ᠋ ᠴᠢᠨᠠᠷ᠂ ᢈᠦᠷᠲᠡᢉᠡᠮᠵᠢ ᠶ᠋ᠢ ᠰᠠᠶᠢᠵᠢᠷᠠᠭᠤᠯᠬᠤ᠂ ᠢᠷᢉᠡᠳ ᠲᠦ ᠴᠠᠭ ᠠᠯᠳᠠᠯ ᠦᢉᠡᠢ ᠮᠡᠳᠡᢉᠡᠯᠡᠯ ᠢ᠋ ᢈᠦᠷᢈᠡᢈᠦ᠂ ᠲᠥᠷᠦ ᠶ᠋ᠢᠨ ᠦᠢᠯᠡᠴᠢᠯᠡᢉᠡ ᠶ᠋ᠢ ᠢᠯᠡᢉᠦᠦ ᠰᠤᠷᠲᠠᠯᠴᠢᠯᠠᠬᠤ ᠵᠡᠷᢉᠡ ᠴᠢᠬᠤᠯᠠ ᠠᠰᠠᠭᠤᠳᠠᠯ ᠤ᠋ᠳ ᠢ᠋ ᢈᠡᠯᠡᠯᠴᠡᠯ᠎ᠡ᠃  ᠲᠡᢉᠦᠨᠴᠢᠯᠡᠨ ᠴᠠᢈᠢᠮ ᠤᠷ᠎ᠠ ᠴᠢᠳᠠᠪᠤᠷᠢ ᠶ᠋ᠢᠨ ᠮᠡᠳᠡᠯᢉᠡ ᠬᠣᠮᠰᠠ ᠪᠠᠶᠢᠭ᠎ᠠ ᠠ᠋ᠴᠠ ᠲᠥᠷᠦ ᠶ᠋ᠢᠨ ᠦᠢᠯᠡᠴᠢᠯᠡᢉᠡ ᠠᠪᠬᠤ ᠳ᠋ᠤ ᢈᠦᠨᠳᠦᠷᠡᠯ ᠲᠡᠢ ᠪᠠᠶᠢᠭ᠎ᠠ ᠵᠣᠷᠢᠯᠲᠠ ᠳ᠋ᠤ ᠪᠦᠯᠦᢉ᠂ ᠢᠯᠠᠩᠭᠤᠶ᠎ᠠ ᠥᠨᠳᠦᠷ ᠨᠠᠰᠤᠲᠠᠨ᠂ ᠲᠤᠰᠬᠠᠢ ᢈᠡᠷᠡᢉᠴᠡᢉᠡᠲᠦ ᠢᠷᢉᠡᠳ ᠲᠦ ᠵᠣᠷᠢᠭᠤᠯᠤᠨ ᠵᠠᠷᠢᠮ ᠦᠢᠯᠡᠴᠢᠯᠡᢉᠡ ᠶ᠋ᠢ ᠰᠠᠶᠢᠵᠢᠷᠠᠭᠤᠯᠬᠤ᠂ ᠴᠠᢈᠢᠮᠵᠢᠭᠤᠯᠬᠤ ᠱᠠᠭᠠᠷᠳᠠᠯᠭ᠎ᠠ ᠲᠠᠢ ᢉᠡᠳᠡᢉ ᠢ᠋ ᠣᠨᠴᠠᠯᠠᠭᠰᠠᠨ ᠶᠤᠮ

2᠃ ᢈᠥᠳᠡᠯᠮᠦᠷᠢ᠂ ᠬᠠᠯᠠᠮᠵᠢ ᠶ᠋ᠢᠨ ᠦᠢᠯᠡᠴᠢᠯᠡᢉᠡᠨ ᠦ᠋ ᠶᠡᠷᠦᠩᢈᠡᠢ ᠭᠠᠵᠠᠷ ᠲᠠᠢ ᠠᠭᠤᠯᠵᠠᠯᠲᠠ ᠵᠣᢈᠢᠶᠠᠨ ᠪᠠᠶᠢᠭᠤᠯᠤᠯ᠎ᠠ᠃  ᢈᠥᠳᠡᠯᠮᠦᠷᠢ᠂ ᠬᠠᠯᠠᠮᠵᠢ ᠶ᠋ᠢᠨ ᠦᠢᠯᠡᠴᠢᠯᠡᢉᠡᠨ ᠦ᠋ ᠶᠡᠷᠦᠩᢈᠡᠢ ᠭᠠᠵᠠᠷ ᠠ᠋ᠴᠠ ᠢᠷᢉᠡᠳ ᠲᠦ ᠦᠵᠡᢉᠦᠯᠳᠡᢉ ᠨᠡᠶᠢᠲᠡ 72 ᠦᠢᠯᠡᠴᠢᠯᠡᢉᠡᠨ ᠡᠴᠡ 28 ᠦᠢᠯᠡᠴᠢᠯᠡᢉᠡ ᠨᠢ ᠣᠳᠤ ᠪᠠᠷ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠳ᠋ᠦ ᠬᠣᠯᠪᠤᠭᠳᠠᠭᠰᠠᠨ ᠪᠠᠶᠢᠨ᠎ᠠ᠃  ᠢᠷᢉᠡᠳ ᠳᠠᠪᠬᠤᠷᠳᠠᠭᠰᠠᠨ ᠲᠣᠭ᠎ᠠ ᠪᠠᠷ 982773 ᠤᠳᠠᠭ᠎ᠠ ᠶ᠋ᠢᠨ ᠦᠢᠯᠡᠴᠢᠯᠡᢉᠡ ᠶ᠋ᠢ ᠴᠠᢈᠢᠮ ᠢ᠋ᠶᠠᠷ ᠠᠪᠴᠡᠢ᠃  ᠲᠠᠯ᠎ᠠ ᠨᠤᠭᠤᠳ ᠴᠠᠭᠠᠰᠢᠳᠠ ᢈᠥᠳᠡᠯᠮᠦᠷᠢ᠂ ᠬᠠᠯᠠᠮᠵᠢ ᠶ᠋ᠢᠨ ᠦᠶᠢᠯᠡᠴᠢᠯᠡᢉᠡᠨ ᠦ᠋ ᠶᠡᠷᠦᠩᢈᠡᠢ ᠭᠠᠵᠠᠷ ᠤ᠋ᠨ ᠬᠠᠷᠢᠭᠤᠴᠠᠳᠠᠭ E-Halamj᠂ᠹ᠂ E-Job ᠫᠯᠠᠲ᠋ᠹᠤᠷᠮ ᠤ᠋ᠨ ᠦᠶᠢᠯᠡᠴᠢᠯᠡᢉᠡ ᠨᠦ᠋ᢉᠦᠳ ᠢ᠋ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠢ᠋ᠶᠡᠷ ᠳᠠᠮᠵᠢᠭᠤᠯᠤᠨ ᠢᠷᢉᠡᠳ ᠲᠦ ᢈᠦᠷᢈᠡᢈᠦ ᠠᠰᠠᠭᠤᠳᠠᠯ ᠢ᠋ ᢈᠡᠯᠡᠯᠴᠡᠯ᠎ᠡ᠃  ᠢ-ᠮᠣᠩᠭᠤᠯ ᠠᠻᠠᠳ᠋ᠧᠮᠢ ᠤᠲᠤᠭ- ᠤ᠋ᠨ ᠵᠠᢈᠢᠷᠤᠯ ᠪ‍ᠠ‍᠂ ᠮᠢᠭᠮᠠᠷᠨᠠᠷᠠᠨ ᠠᠭᠤᠯᠵᠠᠯᠲᠠ ᠶ᠋ᠢᠨ ᠲᠡᢉᠦᠰᢈᠡᠯ ᠳ᠋ᠦ ᠬᠠᠮᠲᠤ ᠶ᠋ᠢᠨ ᠠᠵᠢᠯᠯᠠᠭ᠎ᠠ ᠶ᠋ᠢ ᠪᠡᢈᠢᠵᠢᢉᠦᠯᢈᠦ ᠶ᠋ᠢᠨ ᠲᠤᠯᠠᠳᠠ ᠱᠠᠲᠤ ᠳᠠᠷᠠᠭ᠎ᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ᠂ ᠢᠷᢉᠡᠳ ᠲᠦ ᠲᠥᠷᠦ ᠶ᠋ᠢᠨ ᠦᠢᠯᠡᠴᠢᠯᠡᢉᠡ ᠶ᠋ᠢ ᠢᠯᠡᢉᠦᠦ ᢈᠦᠷᠲᠡᢉᠡᠮᠵᠢᠲᠡᠢ᠂ ᢈᠢᠯᠪᠠᠷ ᠪᠠᠶᠢᠳᠠᠯ ᠢ᠋ᠶᠠᠷ ᢈᠦᠷᢈᠡᢈᠦ ᠳ᠋ᠦ ᠳᠡᠮᠵᠢᠨ ᠠᠵᠢᠯᠯᠠᠬᠤ ᠪᠠᠨ ᠣᠨᠴᠠᠯᠠᠨ ᠲᠡᠮᠳᠡᢉᠯᠡᢉᠰᠡᠨ ᠶᠤᠮ᠃

3᠃  ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ ᠦ᠋ᠨ ᠯᠠᠪᠯᠠᠭ᠎ᠠ ᠰᠢᠨᠡᠴᠢᠯᠡᢉᠳᠡᠯᠡᢉᠡᠲᠦᠷ ᠦ᠋ᠨ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ E-Mongolia- ᠳ᠋ᠤ ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ ᠦ᠋ᠨ  “ᠡᠷᠡᢉᠦᠯ ᠮᠡᠨᠳᠦ ᠶ᠋ᠢᠨ ᠠᠵᠢᠯᠲᠠᠨ ᠤ᠋ ᠮᠡᠷᢉᠡᠰᠢᠯ ᠦ᠋ᠨ ᠵᠡᠷᢉᠡ ᠶ᠋ᠢᠨ ᠯᠠᠪᠯᠠᠭ᠎ᠠ” ᠪᠣᠯᠤᠨ “ᠡᠮᠨᠡᠯᢉᠡ ᠶ᠋ᠢᠨ ᠮᠡᠷᢉᠡᠵᠢᠯᠲᠡᠨ ᠦ᠋ ᠮᠡᠷᢉᠡᠵᠢᠯ ᠦ᠋ᠨ ᠦᠶᠢᠯᠡ ᠠᠵᠢᠯᠯᠠᠭ᠎ᠠ ᠡᠷᢈᠢᠯᠡᢈᠦ ᠵᠥᠪᠰᠢᠶᠡᠷᠡᠯ ᠦ᠋ᠨ ᠯᠠᠪᠯᠠᠭ᠎ᠠ” ᠵᠡᠷᢉᠡ ᠯᠠᠪᠯᠠᠭ᠎ᠠ ᠨᠤᠭᠤᠳ ᠰᠢᠨᠡᠴᠢᠯᠡᢉᠳᠡᠯ᠎ᠡ᠃ ᠡᠮᠦᠨ᠎ᠡ ᠨᠢ ᠡᠮᠨᠡᠯᢉᠡ ᠶ᠋ᠢᠨ ᠮᠡᠷᢉᠡᠵᠢᠯᠲᠡᠨ ᠦ᠋ ᠬᠠᠮᠤᠭ ᠤ᠋ᠨ ᠰᠡᢉᠦᠯ ᠦ᠋ᠨ ᢈᠦᠴᠦᠨ ᠲᠡᠢ ᠵᠡᠷᢉᠡ᠂ ᠵᠥᠪᠰᠢᠶᠡᠷᠡᠯ ᠦ᠋ᠨ ᠮᠡᠳᠡᢉᠡᠯᠡᠯ ᠢ᠋ ᠠᠪᠬᠤ ᠪᠣᠯᠤᠮᠵᠢᠲᠠᠢ ᠪᠠᠶᠢᠭᠰᠠᠨ ᠪᠣᠯ ᠣᠳᠤ ᠠ᠋ᠴᠠ ᠪᠦᢈᠦ ᠴᠠᠭ ᠦᠶ᠎ᠡ ᠶ᠋ᠢᠨ ᠵᠡᠷᢉᠡ᠂ ᠵᠥᠪᠰᠢᠶᠡᠷᠡᠯ ᠦ᠋ᠨ ᠲᠡᠦᢈᠡ ᠶ᠋ᠢ ᠬᠠᠷᠠᠬᠤ ᠪᠣᠯᠤᠮᠵᠢᠲᠠᠢ ᠪᠣᠯᠤᠯ᠎ᠠ᠃

4᠃ “ᠡᠷᠳᠡᠨᠢᠰ ᠲᠠᠪᠤᠨᠲᠤᠯᠤᠭᠠᠢ” ᠬᠻ-ᠡᠶᠢᠨ 1072 ᠰᠢᠷᢈᠡᢉ ᠬᠤᠪᠢᠴᠠᠭᠠᠨ ᠤ᠋ ᠨᠣᠭᠳᠠᠯ ᠠᠰᠢᠭ ᠢ᠋ᠶᠠᠨ ᢈᠡᠷᢈᠢᠨ ᠠᠪᠬᠤ ᠪᠠᠨ ᠢᠷᢉᠡᠨ ᠲᠠ ᠳᠠᠷᠠᠭᠠᢈᠢ 3 ᠰᠣᠩᠭᠤᠯᠲᠠ ᠠ᠋ᠴᠠ ᠰᠣᠩᠭᠤᠬᠤ ᠪᠣᠯᠤᠮᠵᠢᠲᠠᠢ ᠪᠣᠯᠤᠯ᠎ᠠ!ᠢᠷᢉᠡᠨ ᠲᠠ: ᠪᠡᠯᠡᠨ ᠮᠥᠩᢉᠦ᠂ ᠬᠤᠷᠠᠮᠲᠤᠯᠠᠯ ᠤ᠋ᠨ ᠰᠠᠩ᠂ ᠬᠠᠨᠳᠢᠪ ᢉᠡᠰᠡᠨ ᠭᠤᠷᠪᠠᠨ ᠰᠣᠩᠭᠤᠯᠲᠠ ᠠ᠋ᠴᠠ ᠨᠢᢉᠡ ᠶ᠋ᠢ ᢈᠢᢈᠦ ᠪᠣᠯᠤᠮᠵᠢ ᠲᠠᠢ ᠪᠠ ᠰᠠᠨᠠᠯ ᠢ᠋ E-Mongolia ᠴᠠᢈᠢᠮ ᠰᠢᠰᠲ᠋ᠧᠮ ᠢ᠋ᠶᠡᠷ ᠳᠠᠮᠵᠢᠭᠤᠯᠤᠨ 2 ᠳ᠋ᠤᠭᠠᠷ ᠰᠠᠷ᠎ᠠ ᠶ᠋ᠢᠨ 26-ᠨᠢ ᠡᠳᠦᠷ ᢈᠦᠷᠲᠡᠯ᠎ᠡ ᢈᠦᠯᠢᠶᠡᠨ ᠠᠪᠤᠨ᠎ᠠ᠃  ᠡᠨᠡ ᠬᠤᠭᠤᠴᠠᠭᠠᠨ ᠳ᠋ᠤ ᠲᠠ ᠰᠠᠨᠠᠯ ᠢ᠋ᠶᠠᠨ ᠳᠠᢈᠢᠨ ᠵᠠᠰᠠᠪᠤᠷᠢᠯᠠᠬᠤ ᠪᠣᠯᠤᠮᠵᠢ ᠲᠠᠢ᠃  ᢈᠡᠷᠪᠡ ᠰᠠᠨᠠᠯ ᠥᢉᢉᠦᠯ ᠦᢉᠡᠢ ᠦᠯᠡᠳᠡᠪᠡᠯ ᠨᠣᠭᠳᠠᠯ ᠠᠰᠢᠭ ᠨᠢ ᠠᠦ᠋ᠲ᠋ᠣᠮᠠᠲ ᠢ᠋ᠶᠠᠷ ᠲᠠᠨ ᠤ᠋ ᠪᠠᠩᠻᠢ ᠶ᠋ᠢᠨ ᠳᠠᠩᠰᠠᠨ ᠳ᠋ᠤ ᠰᠢᠯᠵᠢᢈᠦ ᠶᠠᠭᠤᠮ᠎ᠠ᠃

5᠃ “ᠢ-ᠮᠣᠩᠭᠤᠯ ᠠᠻᠠᠳ᠋ᠧᠮᠢ” ᠤᠲᠤᠭ ᠨᠢ ISO 27001:2022 ᠪᠣᠯᠤᠨ ISO 9001:2015 ᠰᠲ᠋ᠠᠨᠳᠠᠷᠲ ᠤ᠋ᠨ ᢉᠡᠷᠡᠴᠢᠯᠡᢉᠡ ᠭᠠᠷᠳᠠᠨ ᠠᠪᠤᠯ᠎ᠠ᠃  ᠮᠣᠩᠭᠤᠯ ᠤᠯᠤᠰ ᠤ᠋ᠨ ᠴᠠᢈᠢᠮ ᢈᠥᢉᠵᠢᠯ᠂ ᠢᠨ᠋᠊ᠨᠣᠸᠠᠼ ᠤ᠋ᠨ ᠲᠡᠷᠢᢉᠦᠯᠡᢉᠴᠢ ᠪᠠᠶᠢᠭᠤᠯᠤᠯᠭ᠎ᠠ ᠪᠣᠯᠬᠤ “ᠢ-ᠮᠣᠩᠭᠤᠯ ᠠᠻᠠᠳ᠋ᠧᠮᠢ” ᠤᠲᠦᢉ ᠨᠢ ᠠᠨᠤ- ᠤ᠋ᠨ IAS᠂ᠤ‍᠂ ᠹ‍᠂᠂ ᠮᠣᠩᠭᠤᠯ ᠤᠯᠤᠰ ᠤ᠋ᠨ ᠦᠨᠳᠦᠰᠦᠨ ᠦ᠋ MNAS ᠢᠲᠡᢉᠡᠮᠵᠢᠯᠡᠯ ᠲᠡᠢ ᠲᠣᢈᠢᠷᠠᠯ ᠤ᠋ᠨ ᠦᠨᠡᠯᠡᢉᠡᠨ ᠦ᠋ ᠪᠠᠶᠢᠭᠤᠯᠤᠯᠭ᠎ᠠ ᠮᠣᠨᠰᠧᠷᠲ᠋ᠹ ᠬᠬᠠ- ᠠ᠋ᠴᠠ ISO 27001:2022 (ᠮᠡᠳᠡᢉᠡᠯᠡᠯ ᠦ᠋ᠨ ᠠᠶᠤᠯ ᠦᢉᠡᠢ ᠪᠠᠶᠢᠳᠠᠯ ᠤ᠋ᠨ ᠮᠧᠨᠧᠵᠮᠧᠨᠲ ᠦ᠋ᠨ ᠲᠣᠭᠲᠠᠯᠴᠠᠭ᠎ᠠ) ᠪᠣᠯᠤᠨ ISO 9001:2015 (ᠴᠢᠨᠠᠷ ᠤ᠋ᠨ ᠮᠧᠨᠧᠵᠮᠧᠨᠲ ᠦ᠋ᠨ ᠲᠣᠭᠲᠠᠯᠴᠠᠭ᠎ᠠ) ᠣᠯᠠᠨ ᠤᠯᠤᠰ ᠤ᠋ᠨ ᠰᠲ᠋ᠠᠨ᠋ᠳᠠᠷᠲ ᠤ᠋ᠳ ᠤ᠋ᠨ ᠪᠠᠲᠤᠯᠠᠭᠠᠵᠢᠭᠤᠯᠤᠯᠲᠠ ᠶ᠋ᠢᠨ ᢉᠡᠷᠡᠴᠢᠯᠡᢉᠡ ᠶ᠋ᠢ ᠠᠮᠵᠢᠯᠲᠠᠲᠠᠢ ᠭᠠᠷᠳᠠᠨ ᠠᠪᠤᠯ᠎ᠠ᠃  ᠡᠳᠡᢉᠡᠷ ᠰᠲ᠋ᠠᠨᠳᠠᠷᠲ ᠤ᠋ᠳ ᠢ᠋ ᢈᠡᠷᠡᢉᠵᠢᢉᠦᠯᠦᢉᠰᠡᠨ ᠢ᠋ᠶᠡᠷ “ᠢ-ᠮᠣᠩᠭᠤᠯ ᠠᠻᠠᠳ᠋ᠧᠮᠢ” ᠤᠲᠤᠭ ᠨᠢ ᠮᠡᠳᠡᢉᠡᠯᠡᠯ ᠦ᠋ᠨ ᠠᠶᠤᠯ ᠦᢉᠡᠢ ᠪᠠᠶᠢᠳᠠᠯ ᠤ᠋ᠨ ᠥᠨᠳᠦᠷ ᠲᠦᠪᠰᠢᠨ ᠦ᠋ ᠬᠠᠮᠠᠭᠠᠯᠠᠯᠲᠠ ᠲᠠᠢ᠂ ᢈᠡᠷᠡᢉᠯᠡᢉᠴᠢ ᠶ᠋ᠢᠨ ᠰᠡᠳᢈᠢᠯ ᠬᠠᠨᠤᠮᠵᠢ ᠶ᠋ᠢ ᠳᠡᢉᠡᢉᠰᠢᠯᠡᢉᠦᠯᠦᢉᠰᠡᠨ᠂ ᠴᠢᠨᠠᠷ ᠤ᠋ᠨ ᠤᠳᠤᠷᠢᠳᠤᠯᠭ᠎ᠠ ᠶ᠋ᠢᠨ ᠲᠣᠭᠲᠠᠯᠴᠠᠭ᠎ᠠ ᠶ᠋ᠢ ᠪᠦᠷᠢᠨ ᠬᠠᠩᠭᠠᠭᠰᠠᠨ ᠪᠠᠶᠢᠭᠤᠯᠤᠯᠭ᠎ᠠ ᠪᠣᠯᠬᠤ ᠪᠠᠷ ᠪᠠᠲᠤᠯᠠᠭᠠᠵᠢᠭᠤᠯᠵᠤ ᠪᠠᠶᠢᠨ᠎ᠠ᠃

6᠃  ᠮᠣᠩᠭᠣᠯ ᠪᠠᠩᠻᠢ ᠶ᠋ᠢᠨ ᠸᠠᠯᠦ᠋ᠲ ᠤ᠋ᠨ ᠬᠠᠩᠰᠢ ᠶ᠋ᠢᠨ ᠮᠡᠳᠡᢉᠡᠯᠡᠯ ᠢ᠋ ᠠᠪᠬᠤ ᠪᠣᠯᠤᠮᠵᠢ ᠲᠠᠢ ᠪᠣᠯᠤᠯ᠎ᠠ᠃ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ E-Mongolia- ᠠ᠋ᠴᠠ ᠢᠷᢉᠡᠳ ᠪᠣᠯᠤᠨ ᠪᠢᠽᠢᠨᠧᠰ ᠡᠷᢈᠢᠯᠡᢉᠴᠢᠳ ᠲᠦ ᠮᠣᠩᠭᠣᠯ ᠪᠠᠩᠻᠢ ᠠ᠋ᠴᠠ ᠵᠠᠷᠯᠠᠭᠰᠠᠨ ᠸᠠᠯᠦ᠋ᠲ ᠤ᠋ᠨ ᠬᠠᠩᠰᠢ ᠶ᠋ᠢᠨ ᠮᠡᠳᠡᢉᠡᠯᠡᠯ ᠢ᠋ ᠰᠢᠭᠤᠳ ᠠᠪᠬᠤ ᠪᠣᠯᠤᠮᠵᠢ ᠲᠠᠢ ᠪᠣᠯᠤᠯ᠎ᠠ᠃ ᠡᠨᠡ ᢈᠦ ᠰᠢᠨ᠎ᠡ ᠦᠢᠯᠡᠴᠢᠯᠡᢉᠡ ᠨᠢ ᢈᠡᠷᠡᢉᠯᠡᢉᠴᠢᠳ ᠲᠦ ᠲᠤᠬᠠᠢ ᠶ᠋ᠢᠨ ᠡᠳᠦᠷ ᠦ᠋ᠨ ᠸᠠᠯᠦ᠋ᠲ ᠤ᠋ᠨ ᠬᠠᠩᠰᠢ ᠶ᠋ᠢᠨ ᠮᠡᠳᠡᢉᠡᠯᠡᠯ ᠢ᠋ ᠬᠤᠷᠳᠤᠨ᠂ ᠰᠢᠭᠤᠷᠬᠠᠢ ᠠᠪᠬᠤ ᠪᠣᠯᠤᠮᠵᠢ ᠶ᠋ᠢ ᠣᠯᠭᠤᠵᠤ᠂ ᠡᠳᠦᠷ ᠲᠤᠲᠤᠮ ᠤ᠋ᠨ ᢉᠦᠢᠯᢉᠡᢉᠡ᠂ ᠲᠥᠯᠦᠪᠦᠷᠢ ᠲᠣᠭᠠᠴᠠᠭ᠎ᠠ ᠶ᠋ᠢ ᢈᠢᠯᠪᠠᠷᠰᠢᠭᠤᠯᠤᠨ ᠢᠯᠡᢉᠦᠦ ᢈᠢᠯᠪᠠᠷ ᠢ᠋ᠶᠠᠷ ᢉᠦᠢᠴᠡᠳᢈᠡᢈᠦ ᠪᠣᠯᠤᠮᠵᠢ ᠶ᠋ᠢ ᠪᠦᠷᠢᠳᠦᢉᠦᠯᠵᠦ ᠪᠠᠶᠢᠭ᠎ᠠ ᠶᠤᠮ᠃

ᠨᠡᠶᠢᠲᠡᠯᠡᠭᠰᠡᠨ᠄