7 ᠬᠣᠨᠤᠭ ᠤ᠋ᠨ ᠲᠣᠶᠢᠮᠤ


1᠃  ᠣᠶᠤᠲᠠᠨ ᠴᠡᠷᠢᢉ ᠦ᠋ᠨ ᠪᠦᠷᠢᠳᢈᠡᠯ 2024 ᠣᠨ ᠤ᠋ 3 ᠳ᠋ᠤᠭᠠᠷ ᠰᠠᠷ᠎ᠠ ᠶ᠋ᠢᠨ 1-ᠨᠢᢉᠡ ᠡᠳᠦᠷ ᠡᠴᠡ ᠡᢈᠢᠯᠡᠨ᠎ᠡ

ᠣᠶᠤᠲᠠᠨ ᠴᠡᠷᠢᢉ ᠦ᠋ᠨ ᠠᠩᠬᠠᠨ ᠱᠠᠲᠤᠨ ᠤ᠋ ᠪᠦᠷᠢᠳᢈᠡᠯ ᠦ᠋ᠨ ᢈᠦᠰᠡᠯᠲᠡ ᠶ᠋ᠢ 03 ᠳ᠋ᠤᠭᠠᠷ ᠰᠠᠷ᠎ᠠ ᠶ᠋ᠢᠨ 01- ᠶ᠋ᠢᠨ ᠡᠳᠦᠷ ᠦ᠋ᠨ 09:00 ᠴᠠᠭ ᠠ᠋ᠴᠠ 03 ᠳ᠋ᠤᠭᠠᠷ ᠰᠠᠷ᠎ᠠ ᠶ᠋ᠢᠨ 10-ᠨ ᠤ᠋ ᠡᠳᠦᠷ ᠦ᠋ᠨ 17:00 ᠴᠠᠭ ᠤ᠋ᠨ ᠬᠣᠭᠤᠷᠤᠨᠳᠤ E-Mongolia ᠰᠢᠰᠲ᠋ᠧᠮ ᠢ᠋ᠶᠡᠷ ᢈᠦᠯᠢᠶᠡᠨ ᠠᠪᠤᠨ᠎ᠠ᠃  “ᠣᠶᠤᠲᠠᠨ-ᠴᠡᠷᠢᢉ”-ᠲᠥ ᠴᠡᠷᠢᢉ ᠦ᠋ᠨ ᠮᠡᠷᢉᠡᠵᠢᠯ ᠣᠯᠭᠠᠬᠤ ᠵᠢᠷᠤᠮ” ᠰᠢᠨᠡᠴᠢᠯᠡᢉᠳᠡᢉᠰᠡᠨ ᠦ᠋ ᠳᠠᠭᠠᠭᠤ ᢈᠦᠰᠡᠯᠲᠡ ᠢᠯᠡᢉᠡᠵᠦ ᠪᠤᠢ ᠣᠶᠤᠲᠠᠨ ᠨᠤᠭᠤᠳ ᠳᠠᠷᠠᠭᠠᢈᠢ ᠱᠠᠭᠠᠷᠳᠠᠯᠭ᠎ᠠ ᠨᠤᠭᠤᠳ ᠢ᠋ ᠬᠠᠩᠭᠠᠭᠰᠠᠨ ᠪᠠᠶᠢᠬᠤ ᠶᠣᠰᠤᠲᠠᠢ᠃  ᠡᢉᠦᠨ ᠳ᠋ᠦ:

  • ᠮᠣᠩᠭᠣᠯ ᠤᠯᠤᠰ ᠤ᠋ᠨ ᢈᠡᠮᠵᠢᠶᠡᠨ ᠳ᠋ᠦ ᠦᠢᠯᠡ ᠠᠵᠢᠯᠯᠠᠭ᠎ᠠ ᠶᠠᠪᠤᠭᠤᠯᠵᠤ ᠪᠤᠢ ᠮᠠᠭᠠᠳᠯᠠᠨ ᠢᠲᠡᢉᠡᠮᠵᠢᠯᠡᢉᠳᠡᢉᠰᠡᠨ ᠶᠡᢈᠡ ᠰᠤᠷᠭᠠᠭᠤᠯᠢ᠂ ᠻᠣᠯᠯᠧᠵᠢ ᠶ᠋ᠢᠨ 1᠂ 2᠂ 3-ᠷ ᠳᠠᠮᠵᠢᠶᠠᠨ ᠤ᠋ ᠣᠶᠤᠲᠠᠨ ᠪᠠᠶᠢᠬᠤ;
  • ᠰᠤᠷᠤᠯᠭ᠎ᠠ ᠶ᠋ᠢᠨ ᠭᠣᠣᠯᠴᠢ ᠳ᠋ᠦᠩ 2᠂8- ᠠ᠋ᠴᠠ ᠳᠡᢉᠡᢉᠰᠢ ᠪᠠᠶᠢᠬᠤ;
  • 2025 ᠣᠨ ᠤ᠋ 06 ᠳ᠋ᠤᠭᠠᠷ ᠰᠠᠷ᠎ᠠ ᠶ᠋ᠢᠨ 15-ᠨ ᠤ᠋ ᠡᠳᠦᠷ ᠡᠴᠡ ᠡᠮᠦᠨ᠎ᠡ 18 ᠨᠠᠰᠤ ᢈᠦᠷᠦᢉᠰᠡᠨ ᠪᠠᠶᠢᠬᠤ;

ᠡᠷᠡᢉᠦᠯ ᠮᠡᠨᠳᠦ ᠶ᠋ᠢᠨ ᠳᠠᠭᠠᠳᠬᠠᠯ ᠲᠥᠯᠦᢉᠰᠡᠨ ᠪᠠᠶᠢᠬᠤ ᠵᠡᠷᢉᠡ ᠪᠠᠭᠲᠠᠨ᠎ᠠ᠃

2᠃ ”ᠡᠷᠳᠡᠨᠢᠰ ᠲᠠᠪᠤᠨᠲᠤᠯᠤᠭᠠᠢ” ᢈᠥᢈᠡ-ᠡᠶᠢᠨ 1072 ᠨᠣᠭᠳᠠᠯ ᠠᠰᠢᠭ ᠤ᠋ᠨ ᠰᠠᠨᠠᠯ ᠬᠤᠷᠢᠶᠠᠯᠲᠠ ᠳᠠᠭᠤᠰᠤᠯ᠎ᠠ

ᠡᠷᠳᠡᠨᠢᠰ ᠲᠠᠪᠤᠨᠲᠤᠯᠤᠭᠠᠢ ᢈᠢ-ᠨᠢ ᠨᠣᠭᠳᠠᠯ ᠠᠰᠢᠭ ᠢ᠋ᠶᠠᠨ ᠪᠡᠯᠡᠨ ᠮᠥᠩᢉᠦ ᠪᠡᠷ ᠠᠪᠬᠤ ᠤᠤ᠂ ᠬᠤᠷᠠᠮᠲᠤᠯᠠᠭᠤᠯᠬᠤ ᠤᠤ᠂ ᠡᠰᠡᠪᠡᠯ ᠨᠡᠶᠢᢉᠡᠮ ᠦ᠋ᠨ ᠰᠠᠶᠢᠨ ᠰᠠᠶᠢᠬᠠᠨ ᠤ᠋ ᠲᠥᠯᠦᢉᠡ ᠲᠥᠰᠦᠯ ᢈᠥᠲᠦᠯᠪᠦᠷᠢ ᠳ᠋ᠦ ᠵᠠᠷᠤᠴᠠᠭᠤᠯᠬᠤ ᠤᠤ ᢉᠡᠰᠡᠨ ᠰᠣᠩᠭᠤᠯᠲᠠ ᠲᠠᠢ ᠪᠠᠷ ᠰᠠᠨᠠᠯ ᠬᠤᠷᠢᠶᠠᠯᠲᠠ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠢ᠋ᠶᠡᠷ ᠶᠠᠪᠤᠭᠳᠠᠵᠤ ᠳᠠᠭᠤᠰᠤᠯᠤᠭ᠎ᠠ᠃ ᠲᠤᠰ ᠰᠠᠨᠠᠯ ᠬᠤᠷᠢᠶᠠᠯᠲᠠ ᠳ᠋ᠤ 505᠂318 ᠢᠷᢉᠡᠨ ᠰᠠᠨᠠᠯ ᠢ᠋ᠶᠠᠨ ᠥᢉᠴᠡᠢ᠃  ᠡᢉᠦᠨ ᠳ᠋ᠦ:  ᠨᠣᠭᠳᠠᠯ ᠠᠰᠢᠭ ᠢ᠋ᠶᠠᠨ ᠪᠠᠩᠻᠢ ᠶ᠋ᠢᠨ ᠳᠠᠩᠰᠠᠨ ᠳ᠋ᠤ ᠰᠢᠭᠤᠳ ᠰᠢᠯᠵᠢᢉᠦᠯᠦᠨ ᠠᠪᠬᠤ ᢈᠦᠰᠡᠯᠲᠡ ᠭᠠᠷᠭᠠᠭᠰᠠᠨ ᠢᠷᢉᠡᠳ ᠦ᠋ᠨ ᠲᠣᠭ᠎ᠠ: 95᠂35% ᠪᠤᠶᠤ 481᠂809 ᠢᠷᢉᠡᠨ᠃  ᠬᠤᠷᠠᠮᠲᠤᠯᠠᠯ ᠤ᠋ᠨ ᠰᠠᠩ ᠪᠤᠶᠤ ᠢᠷᠡᢉᠡᠳᠦᠢ ᠳ᠋ᠦ ᢈᠡᠷᠡᢉᠯᠡᢈᠦ ᠵᠣᠷᠢᠯᠭ᠎ᠠ ᠪᠠᠷ ᠬᠤᠷᠠᠮᠲᠤᠯᠠᠭᠤᠯᠵᠤ ᠬᠠᠳᠠᠭᠠᠯᠠᠬᠤ ᠡᠰᠡᠪᠡᠯ ᠪᠠᠶᠠᠯᠢᠭ ᠤ᠋ᠨ ᠰᠠᠩ ᠤ᠋ᠨ ᠠᠭᠤᠯᠭ᠎ᠠ ᠪᠠᠷ ᠬᠠᠳᠠᠭᠠᠯᠠᠬᠤ ᠰᠣᠩᠭᠤᠯᠲᠠ ᢈᠢᢉᠰᠡᠨ ᠢᠷᢉᠡᠳ ᠦ᠋ᠨ ᠲᠣᠭ᠎ᠠ: 4᠂40% ᠪᠤᠶᠤ 22᠂242 ᠢᠷᢉᠡᠨ᠃  ᠬᠠᠨᠳᠢᠪ ᠪᠤᠶᠤ ᠨᠡᠶᠢᢉᠡᠮ ᠦ᠋ᠨ ᠰᠠᠶᠢᠨ ᠦᠢᠯᠡᠰ ᠪᠣᠯᠤᠨ ᠲᠥᠰᠦᠯ᠂ ᠰᠠᠩ ᠳ᠋ᠤ ᠬᠠᠨᠳᠢᠪᠯᠠᠬᠤ ᢈᠦᠰᠡᠯᠲᠡ ᠭᠠᠷᠭᠠᠭᠰᠠᠨ ᠢᠷᢉᠡᠳ ᠦ᠋ᠨ ᠲᠣᠭ᠎ᠠ: 0᠂25% ᠪᠤᠶᠤ 1᠂267 ᠢᠷᢉᠡᠨ ᠲᠤᠰ ᠲᠤᠰ ᠰᠠᠨᠠᠯ ᠢ᠋ᠶᠠᠨ ᠢᠯᠡᢉᠡᢉᠰᠡᠨ ᠪᠠᠶᠢᠨ᠎ᠠ᠃

3Mᠣᠩᠭᠤᠯ ᠤᠯᠤᠰ ᠤ᠋ᠨ 21 ᠠᠶᠢᠮᠠᠭ ᠤ᠋ᠳ E-Mongolia ᠰᠢᠰᠲ᠋ᠧᠮ ᠢ᠋ ᠢᠳᠡᠪᢈᠢᠲᠡᠢ ᠠᠰᠢᠭᠯᠠᠵᠤ ᠪᠠᠶᠢᠨ᠎ᠠ!

  • ᠠᠷᠤᠬᠠᠩᠭᠠᠢ ᠠᠶᠢᠮᠠᠭ: ᠨᠠᠰᠤᠨ ᠳ᠋ᠤ ᢈᠦᠷᠦᢉᠰᠡᠨ ᠢᠷᢉᠡᠳ ᠦ᠋ᠨ 77᠂4% ᠨᠢ E-Mongolia ᠰᠢᠰᠲ᠋ᠧᠮ ᠢ᠋ ᠠᠰᠢᠭᠯᠠᠵᠤ ᠪᠠᠶᠢᠨ᠎ᠠ᠃  ᠡᠷᠳᠡᠨᠢᠪᠤᠯᠠᠭᠠᠨ ᠰᠤᠮᠤ ᠬᠠᠮᠤᠭ ᠤ᠋ᠨ ᠣᠯᠠᠨ᠂ 378᠂214 ᠤᠳᠠᠭ᠎ᠠ ᠴᠠᢈᠢᠮ ᠢ᠋ᠶᠠᠷ ᠦᠢᠯᠡᠴᠢᠯᠡᢉᠡ ᠠᠪᠤᠭᠰᠠᠨ ᠪᠠᠶᠢᠨ᠎ᠠ᠃
  • ᠪᠤᠯᠠᠭᠠᠨ ᠠᠶᠢᠮᠠᠭ: ᠨᠠᠰᠤᠨ ᠳ᠋ᠤ ᢈᠦᠷᠦᢉᠰᠡᠨ ᠢᠷᢉᠡᠳ ᠦ᠋ᠨ 78᠂4% ᠨᠢ E-Mongolia ᠰᠢᠰᠲ᠋ᠧᠮ ᠢ᠋ ᠠᠰᠢᠭᠯᠠᠵᠤ ᠪᠠᠶᠢᠨ᠎ᠠ᠃  ᠪᠤᠯᠠᠭᠠᠨ ᠰᠤᠮᠤ ᠨᠢ 260᠂605 ᠤᠳᠠᠭ᠎ᠠ ᠦᠢᠯᠡᠴᠢᠯᠡᢉᠡ ᠠᠪᠴᠤ᠂ ᠲᠡᠷᠢᢉᠦᠯᠡᠵᠦ ᠪᠠᠶᠢᠨ᠎ᠠ᠃
  • ᠪᠠᠶᠠᠩᠬᠣᠩᠭᠤᠷ ᠠᠶᠢᠮᠠᠭ: ᠨᠠᠰᠤᠨ ᠳ᠋ᠤ ᢈᠦᠷᠦᢉᠰᠡᠨ ᠢᠷᢉᠡᠳ ᠦ᠋ᠨ 79% ᠨᠢ E-Mongolia ᠰᠢᠰᠲ᠋ᠧᠮ ᠢ᠋ ᠠᠰᠢᠭᠯᠠᠵᠤ ᠪᠠᠶᠢᠨ᠎ᠠ᠃  ᠪᠠᠶᠠᠩᠬᠣᠩᠭᠤᠷ ᠰᠤᠮᠤ 642᠂502 ᠤᠳᠠᠭ᠎ᠠ ᠴᠠᢈᠢᠮ ᠢ᠋ᠶᠠᠷ ᠦᠢᠯᠡᠴᠢᠯᠡᢉᠡ ᠠᠪᠴᠡᠢ᠃
ᠨᠡᠶᠢᠲᠡᠯᠡᠭᠰᠡᠨ᠄