“ᠢ-ᠮᠣᠩᠭᠤᠯ ᠠᠻᠠᠳ᠋ᠧᠮᠢ” ᠤᠲᠤᠭ᠂ ᠰᠢᢉᠦᢈᠦ ᠶ᠋ᠢᠨ ᠰᠢᠶᠢᠳᠪᠦᠷᠢ ᢉᠶᠢᠢᠴᠡᠳᢈᠡᢈᠦ ᠶᠡᠷᠦᠩᢈᠡᠢ ᠭᠠᠵᠠᠷ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᢉ ᠪᠠᠶᠢᠭᠤᠯᠤᠯ ᠢ᠋ᠶᠠᠨ


“ᠢ-ᠮᠣᠩᠭᠤᠯ ᠠᠻᠠᠳ᠋ᠧᠮᠢ” ᠤᠲᠤᠭ ᠪᠣᠯᠤᠨ ᠰᠢᢉᠦᢈᠦ ᠶ᠋ᠢᠨ ᠰᠢᠢᠳᠪᠦᠷᠢ ᢉᠦᠢᠴᠡᠳᢈᠡᢈᠦ ᠶᠡᠷᠦᠩᢈᠡᠢ ᠭᠠᠵᠠᠷ ᠤ᠋ᠨ ᠠᠯᠪᠠ ᠬᠠᠭᠠᠭᠴᠢᠳ ᠤ᠋ᠨ ᠴᠠᢈᠢᠮ ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ᠂ᠱᠠᠭᠠᠷᠳᠠᠯᠭᠠᠲᠠᠢ ᠰᠢᠰᠲ᠋ᠧᠮ ᢈᠥᢉᠵᠢᢉᠦᠯᠦᠯᠲᠡ ᢈᠢᢈᠦ᠂ ᠦᠢᠯᠡ ᠠᠵᠢᠯᠯᠠᠭᠠᠨ ᠤ᠋ ᠮᠡᠳᠡᢉᠡ ᠮᠡᠳᠡᢉᠡᠯᠡᠯ ᠢ᠋ ᠬᠠᠮᠲᠤᠷᠠᠨ ᠲᠦᢉᠡᢉᠡᢈᠦ ᠠᠵᠢᠯ ᠤ᠋ᠨ ᢈᠦᠷᠢᠶᠡᠨ ᠳ᠋ᠦ ᠮᠡᠳᠡᢉᠡᠯᠡᠯ᠂ ᠬᠠᠷᠢᠯᠴᠠᠭ᠎ᠠ ᠬᠣᠯᠪᠤᠭ᠎ᠠ᠂ ᠲᠧᠻᠨᠤᠯᠤᢉᠢ (ᠮᠤᠬᠠᢈᠢᠲᠤ)-ᠡᠶᠢᠨ ᠰᠤᠷᠭᠠᠯᠲᠠ᠂ ᠠᠷᠭ᠎ᠠ ᠵᠦᠢ ᠶ᠋ᠢᠨ ᠴᠢᢉᠯᠡᠯ ᠢ᠋ᠶᠡᠷ ᠬᠠᠮᠲᠤᠷᠠᠨ ᠠᠵᠢᠯᠯᠠᠬᠤ᠂ ᠬᠠᠷᠢᠯᠴᠠᠨ ᠲᠤᠷᠰᠢᠯᠭ᠎ᠠ ᠰᠣᠯᠢᠯᠴᠠᠬᠤ᠂ ᠣᠯᠠᠨ ᠨᠡᠶᠢᠲᠡ ᠳ᠋ᠦ ᠴᠢᢉᠯᠡᢉᠰᠡᠨ ᠠᠷᠭ᠎ᠠ ᢈᠡᠮᠵᠢᠶ᠎ᠡ ᠶ᠋ᠢ ᠵᠣᢈᠢᠶᠠᠨ ᠪᠠᠶᠢᠭᠤᠯᠬᠤ᠂ ᠲᠠᠯ᠎ᠠ ᠨᠤᠭᠤᠳ ᠤ᠋ᠨ ᠬᠠᠮᠲᠤ ᠶ᠋ᠢᠨ ᠠᠵᠢᠯᠯᠠᠭ᠎ᠠ ᠶ᠋ᠢ ᠥᠷᢉᠡᠵᠢᢉᠦᠯᢈᠦ ᠵᠣᠷᠢᠯᠭ᠎ᠠ ᠪᠠᠷ ᠬᠠᠮᠲᠤᠷᠠᠨ ᠠᠵᠢᠯᠯᠠᠬᠤ ᠰᠠᠨᠠᠮᠵᠢ ᠪᠢᠴᠢᢉ ᠢ᠋ ᠥᠨᠦᠳᠦᠷ /2025᠂03᠂18/ ᠪᠠᠶᠢᠭᠤᠯᠪᠠ᠃  ᠲᠤᠰᠠ ᠰᠠᠨᠠᠮᠵᠢ ᠪᠢᠴᠢᢉ ᠲᠦ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ‍᠂ ᠮᠢᠭᠮᠠᠷᠨᠠᠷᠠᠨ᠂ ᠮᠣᠩᠭᠣᠯ ᠤᠯᠤᠰ ᠤ᠋ᠨ ᠵᠠᠰᠠᠭ ᠤ᠋ᠨ ᠭᠠᠵᠠᠷ ᠤ᠋ᠨ ᢈᠡᠷᠡᢉᠵᠢᢉᠦᠯᠦᢉᠴᠢ ᠠᢉᠧᠨ᠋ᠲ᠋ᠯᠢᠭ ᠰᠢᢉᠦᢈᠦ ᠶ᠋ᠢᠨ ᠰᠢᠢᠳᠪᠦᠷᠢ ᢉᠦᠢᠴᠡᠳᢈᠡᢈᠦ ᠶᠡᠷᠦᠩᢈᠡᠢ ᠭᠠᠵᠠᠷ ᠤ᠋ᠨ ᠳᠠᠷᠤᠭ᠎ᠠ᠂ ᠬᠤᠷᠠᠩᠳᠠ ᠪᠠ‍᠂ ᠨᠠᠨᠳᠢᠨᠪᠣᠯᠤᠷ ᠨᠠᠷᠠᠨ ᠭᠠᠷ ᠤ᠋ᠨ ᠦᠰᠦᢉ ᠵᠢᠷᠤᠯ᠎ᠠ᠃ ᠰᠠᠨᠠᠮᠵᠢ ᠪᠢᠴᠢᢉ ᠦ᠋ᠨ ᢈᠦᠷᠢᠶ ᠡᠨ ᠳ᠋ᠦ:
– ᠰᠢᢉᠦᢈᠦ ᠶ᠋ᠢᠨ ᠰᠢᠢᠳᠪᠦᠷᠢ ᢉᠦᠢᠴᠡᠳᢈᠡᢈᠦ ᠪᠠᠶᠢᠭᠤᠯᠤᠯᠭ᠎ᠠ ᠶ᠋ᠢᠨ ᠠᠯᠪᠠ ᠬᠠᠭᠠᠭᠴᠢᠳ ᠲᠤ ᠴᠠᢈᠢᠮ ᠵᠠᠰᠠᠭᠯᠠᠯ᠂ ᠳᠡᠪᠰᠢᠯᠲᠡᠲᠦ ᠲᠧᠻᠨᠣᠯᠣᢉᠢ ᠶ᠋ᠢᠨ ᠴᠢᢉᠯᠡᠯ ᠢ᠋ᠶᠡᠷ ᠮᠡᠳᠡᠯᢉᠡ᠂ ᠤᠷ᠎ᠠ ᠴᠢᠳᠠᠪᠤᠷᠢ ᠶ᠋ᠢ ᠨᠡᠮᠡᢉᠳᠡᢉᠦᠯᢈᠦ᠂ ᠴᠢᠳᠠᠪᢈᠢᠵᠢᠭᠤᠯᠬᠤ ᠰᠤᠷᠭᠠᠯᠲᠠ ᠶ᠋ᠢ ᠲᠠᠩᢈᠢᠮ ᠪᠣᠯᠤᠨ ᠴᠠᢈᠢᠮ ᢈᠡᠯᠪᠡᠷᠢ ᠪᠡᠷ ᠬᠠᠮᠲᠤᠷᠠᠨ ᠵᠣᢈᠢᠶᠠᠨ ᠪᠠᠶᠢᠭᠤᠯᠬᠤ;
– ᠴᠠᢈᠢᠮ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ ᠢ᠋ᠶᠡᠷ /E-Mongolia/ ᠳᠠᠮᠵᠢᠭᠤᠯᠤᠨ ᠠᠪᠴᠤ ᠪᠤᠢ ᠰᠢᠢᠳᠪᠦᠷᠢ ᢉᠦᠢᠴᠡᠳᢈᠡᢈᠦ ᠠᠵᠢᠯᠯᠠᠭᠠᠨ ᠤ᠋ ᠮᠡᠳᠡᢉᠡᠯᠡᠯ ᠦ᠋ᠨ ᠴᠠᢈᠢᠮᠵᠢᠯᠲᠠ ᠶ᠋ᠢ ᠰᠠᠶᠢᠵᠢᠷᠠᠭᠤᠯᠤᠨ᠂ ᠰᠢᠰᠲ᠋ᠧᠮ ᠢ᠋ ᢈᠥᢉᠵᠢᢉᠦᠯᢈᠦ ᠳ᠋ᠦ ᠬᠠᠮᠲᠤᠷᠠᠨ ᠠᠵᠢᠯᠯᠠᠬᠤ;
– ᠬᠠᠮᠲᠤᠷᠠᠨ ᢈᠡᠷᠡᢉᠵᠢᢉᠦᠯᠵᠦ ᠪᠤᠢ ᠰᠤᠷᠭᠠᠯᠲᠠ᠂ ᠦᠢᠯᠡ ᠠᠵᠢᠯᠯᠠᠭᠠᠨ ᠤ᠋ ᠲᠠᠯᠠᠭᠠᠷᢈᠢ ᠻᠣᠨ᠋ᠲ᠋ᠧᠨ᠋ᠲ᠂ ᠮᠡᠳᠡᢉᠡᠯᠡᠯ ᠢ᠋ ᠣᠯᠠᠨ ᠨᠡᠶᠢᠲᠡ ᠶ᠋ᠢᠨ ᠰᠦᠯᠵᠢᠶ᠎ᠡ ᠪᠡᠷ ᠲᠦᢉᠡᢉᠡᠨ ᠳᠡᠯᢉᠡᠷᠡᢉᠦᠯᢈᠦ ᠦᠢᠯᠡ ᠠᠵᠢᠯᠯᠠᠭᠠᠨ ᠤ᠋ ᠶᠠᠪᠤᠴᠠ ᠶ᠋ᠢ ᠳᠦᠩᠨᠡᢈᠦ᠂ ᠴᠠᠭᠠᠰᠢᠳᠠ ᠶ᠋ᠢᠨ ᠦᠢᠯᠡ ᠠᠵᠢᠯᠯᠠᠭ᠎ᠠ ᠶ᠋ᠢ ᠲᠥᠯᠦᠪᠯᠡᢈᠦ ᠵᠣᠷᠢᠯᠭ᠎ᠠ ᠪᠠᠷ ᠲᠣᠳᠤᠷᠬᠠᠢ ᠳᠠᠪᠲᠠᠮᠵᠢ ᠲᠠᠢ ᠪᠠᠷ ᠠᠭᠤᠯᠵᠠᠯᠲᠠ ᠵᠣᢈᠢᠶᠠᠨ ᠪᠠᠶᠢᠭᠤᠯᠬᠤ ᠲᠠᠯᠠᠭᠠᠷ ᠲᠤᠰᠬᠠᠭᠳᠠᠭᠰᠠᠨ ᠶᠤᠮ᠃

ᠨᠡᠶᠢᠲᠡᠯᠡᠭᠰᠡᠨ᠄