“ᠢ-ᠮᠣᠩᠭᠤᠯ ᠠᠻᠠᠳ᠋ᠧᠮᠢ” ᠤᠲᠤᠭ᠂ ᠪᠡᠨᠡᢉᠦ-ᠲᠠᠢ ᠴᠠᢈᠢᠮ ᢈᠥᢉᠵᠢᠯ᠂ ᠮᠡᠳᠡᢉᠡᠯᠡᠯ ᠦ᠋ᠨ ᠲᠧᠻᠨᠤᠯᠤᢉᠢ ᠶ᠋ᠢᠨ ᠴᠢᢉᠯᠡᠯ ᠢ᠋ᠶᠡᠷ ᢈᠦᠮᠦᠨ ᠦ᠋ ᠨᠥᢉᠡᠴᠡ ᠶ᠋ᠢ ᠴᠢᠳᠠᠪᢈᠢᠵᠢᠭᠤᠯᠬᠤ ᠳ᠋ᠤ ᠬᠠᠮᠲᠤᠷᠠᠨ ᠠᠵᠢᠯᠯᠠᠨ᠎ᠠ


“ᠢ-ᠮᠣᠩᠭᠤᠯ ᠠᠻᠠᠳ᠋ᠧᠮᠢ” ᠤᠲᠤᠭ-ᠨᠢ ᢈᠢᠮᠡᠯ ᠣᠶᠤᠨ ᠤᠬᠠᠭᠠᠨ᠂ ᠲᠥᠷᠦ ᠶ᠋ᠢᠨ ᠴᠠᢈᠢᠮ ᠦᠢᠯᠡᠴᠢᠯᠡᢉᠡ᠂ ᠻᠢᠪᠧᠷ ᠠᠶᠤᠯ ᠦᢉᠡᠢ ᠪᠠᠶᠢᠳᠠᠯ ᠢ᠋ ᢈᠥᢉᠵᠢᢉᠦᠯᢈᠦ᠂ ᠬᠠᠮᠲᠤᠷᠠᠭᠰᠠᠨ ᠰᠤᠷᠭᠠᠯᠲᠠ ᠵᠣᢈᠢᠶᠠᠨ ᠪᠠᠶᠢᠭᠤᠯᠬᠤ᠂ ᠣᠯᠠᠨ ᠤᠯᠤᠰ ᠤ᠋ᠨ ᠰᠠᠶᠢᠨ ᠲᠤᠷᠰᠢᠯᠭ᠎ᠠ ᠰᠣᠯᠢᠯᠴᠠᠬᠤ ᠴᠢᢉᠯᠡᠯ ᠢ᠋ᠶᠡᠷ ᠬᠠᠮᠲᠤ ᠶ᠋ᠢᠨ ᠠᠵᠢᠯᠯᠠᠭ᠎ᠠ ᠪᠠᠨ ᠥᠷᢉᠡᠵᠢᢉᠦᠯᢈᠦ ᠠᠭᠤᠯᠵᠠᠯᠲᠠ ᠨᠤᠭᠤᠳ ᠢ᠋ ᠱᠠᠲᠤ ᠳᠠᠷᠠᠭ᠎ᠠ ᠲᠠᠢ ᠵᠣᢈᠢᠶᠠᠨ ᠪᠠᠶᠢᠭᠤᠯᠵᠤ ᠪᠠᠶᠢᠨ᠎ᠠ᠃

ᠥᠨᠦᠳᠦᠷ /2025᠂03᠂20/ “ᠢ-ᠮᠣᠩᠭᠤᠯ ᠠᠻᠠᠳ᠋ᠧᠮᠢ” ᠤᠲᠤᠭ ᠨᠢ ᠪᠦᢉᠦᠳᠡ ᠨᠠᠶᠢᠷᠠᠮᠳᠠᠬᠤ ᠡᠨᠡᠳᢈᠡᢉ ᠤᠯᠤᠰ ᠠ᠋ᠴᠠ (ᠪᠨᠢᠭᠤ) ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤ᠋ᠨ ᠶᠠᠮᠤᠨ ᠲᠠᠢ ᠬᠠᠮᠲᠤᠷᠠᠭᠰᠠᠨ ᠠᠭᠤᠯᠵᠠᠯᠲᠠ ᠵᠣᢈᠢᠶᠠᠨ ᠪᠠᠶᠢᠭᠤᠯᠤᠯ᠎ᠠ᠃  ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ‍᠂ ᠮᠢᠭᠮᠠᠷᠨᠠᠷᠠᠨ᠂ ᠭᠠᠳᠠᠭᠠᠳᠤ ᠬᠠᠷᠢᠯᠴᠠᠭ᠎ᠠ᠂ ᠬᠠᠮᠲᠤ ᠶ᠋ᠢᠨ ᠠᠵᠢᠯᠯᠠᠭᠠᠨ ᠤ᠋ ᠭᠠᠵᠠᠷ ᠤ᠋ᠨ (ᠬᠤᠬᠠᠭ) ᠳᠠᠷᠤᠭ᠎ᠠ ᠭ᠃  ᠥᠨᠢᠷᠴᠡᠴᠡᢉ᠂ ᠪᠡᠨᠡᢉᠦ- ᠠ᠋ᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠠᠲᠤᠯ ᠮᠠᠯᠬᠠᠷᠢ ᠭᠣᠲ᠋ᠰᠤᠷᠪᠧ ᠪᠣᠯᠤᠨ ᠬᠣᠯᠪᠤᠭᠳᠠᠬᠤ ᠮᠡᠷᢉᠡᠵᠢᠯᠲᠡᠨ ᠨᠦ᠋ᢉᠦᠳ᠂ ᠠᠯᠪᠠᠨ ᠬᠠᠭᠠᠭᠴᠢᠳ ᠣᠷᠤᠯᠴᠠᠪᠠ᠃

ᠡᠨᠡ ᢈᠦ ᠠᠭᠤᠯᠵᠠᠯᠲᠠ ᠪᠠᠷ ᠣᠯᠠᠨ ᠤᠯᠤᠰ ᠤ᠋ᠨ ᠰᠲ᠋ᠠᠨ᠋ᠳᠠᠷᠲ ᠤ᠋ᠨ ᠳᠠᠭᠠᠭᠤ ᠲᠥᠷᠦ ᠶ᠋ᠢᠨ ᠠᠯᠪᠠᠨ ᠬᠠᠭᠠᠭᠴᠢᠳ ᠤ᠋ᠨ ᠮᠡᠳᠡᠯᢉᠡ᠂ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ᠂ ᠪᠠᠶᠢᠭᠤᠯᠤᠯᠭ᠎ᠠ ᠶ᠋ᠢᠨ ᢈᠦᠮᠦᠨ ᠦ᠋ ᠨᠥᢉᠡᠴᠡ ᠶ᠋ᠢ ᠴᠢᠳᠠᠪᢈᠢᠵᠢᠭᠤᠯᠬᠤ᠂ ᠮᠡᠳᠡᢉᠡᠯᠡᠯ ᠦ᠋ᠨ ᠲᠧᠻᠨᠤᠯᠤᢉᠢ ᠪᠣᠯᠤᠨ IT ᠰᠢᠰᠲ᠋ᠧᠮ ᠦ᠋ᠨ ᠴᠢᢉᠯᠡᠯ ᠢ᠋ᠶᠡᠷ ᠬᠠᠮᠲᠤ ᠶ᠋ᠢᠨ ᠠᠵᠢᠯᠯᠠᠭ᠎ᠠ ᠶ᠋ᠢ ᠥᠷᢉᠡᠵᠢᢉᠦᠯᢈᠦ ᠪᠣᠯᠤᠮᠵᠢ ᠨᠤᠭᠤᠳ ᠤ᠋ᠨ ᠲᠠᠯ᠎ᠠ ᠪᠠᠷ ᠰᠠᠨᠠᠯ ᠰᠣᠯᠢᠯᠴᠠᠯ᠎ᠠ᠃

ᠴᠠᠭᠠᠰᠢᠳᠠ ᠬᠣᠶᠠᠷ ᠲᠠᠯ᠎ᠠ ᠰᠢᠯᠢᠳᠡᢉ ᠲᠤᠷᠰᠢᠯᠭ᠎ᠠ ᠶ᠋ᠢ ᠲᠦᢉᠡᢉᠡᠨ ᠳᠡᠯᢉᠡᠷᠡᢉᠦᠯᢈᠦ᠂ ᠲᠣᠳᠤᠷᠬᠠᠢ ᠬᠤᠭᠤᠴᠠᠭᠠᠨ ᠳ᠋ᠤ ᠬᠠᠮᠲᠤᠷᠠᠭᠰᠠᠨ ᢈᠥᠲᠦᠯᠪᠦᠷᠢ ᢈᠡᠷᠡᢉᠵᠢᢉᠦᠯᠵᠦ᠂ ᠰᠤᠷᠭᠠᠯᠲᠠ᠂ ᠦᠢᠯᠡ ᠠᠵᠢᠯᠯᠠᠭᠠᠨ ᠳ᠋ᠤ ᠮᠡᠷᢉᠡᠵᠢᠯᠲᠡᠨ ᠨᠦ᠋ᢉᠦᠳ ᠢ᠋ ᠬᠠᠮᠤᠷᠤᠭᠤᠯᠬᠤ ᠪᠣᠯᠤᠮᠵᠢ ᠶ᠋ᠢ ᠪᠦᠷᠢᠳᠦᢉᠦᠯᢈᠦ ᠪᠡᠷ ᠲᠣᢈᠢᠷᠠᠯᠴᠠᠪᠠ᠃

ᠨᠡᠶᠢᠲᠡᠯᠡᠭᠰᠡᠨ᠄