“ᠢ-ᠮᠣᠩᠭᠤᠯ ᠠᠻᠠᠳ᠋ᠧᠮᠢ” ᠤᠲᠤᠭ 2025 ᠣᠨ ᠳ᠋ᠤ ᠪᠠᠶᠢᠭᠤᠯᠤᠯᠭᠠ ᠶ᠋ᠢᠨ ᠢ᠋ᠶᠠᠨ ᠠᠯᠪᠠᠨ ᠬᠠᠭᠠᠭᠴᠢᠳ ᠤ᠋ᠨ ᠮᠡᠳᠡᠯᢉᠡ᠂ ᠤᠷᠠ ᠴᠢᠳᠠᠪᠤᠷᠢ ᠶ᠋ᠢ ᠳᠡᢉᠡᢉᠰᠢᠯᠡᢉᠦᠯᢈᠦ᠂ ᠮᠡᠷᢉᠡᠵᠢᠯ ᠦ᠋ᠨ ᢈᠥᢉᠵᠢᠯ ᠳ᠋ᠦ ᠬᠤᠪᠢ ᠨᠡᠮᠡᠷᠢ ᠣᠷᠤᠭᠤᠯᠬᠤ ᠵᠣᠷᠢᠯᠭᠠ ᠪᠠᠷ ᠰᠤᠷᠭᠠᠯᠲᠠ᠂ ᠦᠢᠯᠡ ᠠᠵᠢᠯᠯᠠᠭᠠ ᠶ᠋ᠢ ᠵᠣᢈᠢᠶᠠᠨ ᠪᠠᠶᠢᠭᠤᠯᠵᠤ ᠪᠠᠶᠢᠨᠠ᠃ ᠰᠤᠷᠭᠠᠯᠲᠠ᠂ ᠣᠯᠠᠨ ᠨᠡᠶᠢᠲᠡ ᠲᠡᠢ ᠬᠠᠷᠢᠯᠴᠠᠬᠤ ᠭᠠᠵᠠᠷ ᠤ᠋ᠨ ᠰᠤᠷᠭᠠᠯᠲᠠ ᠶ᠋ᠢᠨ ᢈᠡᠯᠲᠡᠰ ᠦ᠋ᠨ ᠮᠡᠷᢉᠡᠵᠢᠯᠲᠡᠨ ᠨᠦ᠋ᢉᠦᠳ᠂ ᠰᠤᠷᠭᠠᠭᠴᠢ ᠪᠠᠭᠰᠢ ᠨᠠᠷ ᢉᠡᠷ ᠪᠦᠯᠢ᠂ ᢈᠥᠳᠡᠯᠮᠦᠷᠢ᠂ ᠨᠡᠶᠢᢉᠡᠮ ᠦ᠋ᠨ ᠬᠠᠮᠠᠭᠠᠯᠠᠯ ᠤ᠋ᠨ ᠶᠠᠮᠤᠨ ᠤ᠋ ᠬᠠᠷᠢᠶᠠ ᢈᠥᠳᠡᠯᠮᠦᠷᠢ᠂ ᠨᠡᠶᠢᢉᠡᠮ ᠦ᠋ᠨ ᠬᠠᠮᠠᠭᠠᠯᠠᠯ ᠤ᠋ᠨ ᠰᠤᠷᠭᠠᠯᠲᠠ ᠶ᠋ᠢᠨ ᠰᠤᠷᠭᠠᠭᠤᠯᠢ (ᠬᠩᢈᠢᠰᠦ᠋ᠰᠦ)-ᠡᠶᠢᠨ ᠵᠣᢈᠢᠶᠠᠨ ᠪᠠᠶᠢᠭᠤᠯᠤᠭᠰᠠᠨ 14 ᠴᠠᠭ ᠤ᠋ᠨ ᠪᠠᠭᠴᠠ ᠰᠤᠷᠭᠠᠯᠲᠠ ᠳ᠋ᠤ ᠬᠠᠮᠤᠷᠤᠭᠳᠠᠯᠠ᠃ ᠡᠨᠡ ᢈᠦ ᠰᠤᠷᠭᠠᠯᠲᠠ ᠨᠢ ᠰᠤᠷᠭᠠᠭᠴᠢ ᠪᠠᠭᠰᠢ ᠨᠠᠷ ᠤ᠋ᠨ ᠵᠢᠭᠠᠬᠤ ᠠᠷᠭᠠ ᠵᠦᠢ᠂ ᠠᠷᠭᠠᠴᠢᠯᠠᠯ ᠢ᠋ ᠰᠠᠶᠢᠵᠢᠷᠠᠭᠤᠯᠬᠤ ᠳ᠋ᠤ ᠴᠢᢉᠯᠡᢉᠳᠡᢉᠰᠡᠨ ᠪᠥᢉᠡᠳ ᠠᠮᠵᠢᠯᠲᠠᠲᠠᠢ ᠬᠠᠮᠤᠷᠤᠭᠳᠠᠭᠰᠠᠨ ᠪᠦᢈᠦ ᠠᠯᠪᠠ ᠬᠠᠭᠠᠭᠴᠢ ᠳ᠋ᠤ ᠬᠤᠪᠢ ᠪᠠᠷ ᠢ᠋ᠶᠠᠨ ᠰᠤᠷᠭᠠᠯᠲᠠ ᠵᠣᢈᠢᠶᠠᠨ ᠪᠠᠶᠢᠭᠤᠯᠬᠤ ᠡᠷᢈᠡ ᠲᠡᠢ ᠪᠣᠯᠵᠤ ᠪᠠᠶᠢᠨᠠ᠃ ᠮᠥᠨ ᠰᠤᠷᠭᠠᠯᠲᠠ ᠶ᠋ᠢᠨ ᢈᠡᠯᠲᠡᠰ ᠦ᠋ᠨ ᠪᠦᢈᠦ ᠨᠡᠶᠢᠲᠡ ᠶ᠋ᠢᠨ ᠴᠠᢈᠢᠮ ᠤᠷᠠ ᠴᠢᠳᠠᠪᠤᠷᠢ ᠶ᠋ᠢ ᠨᠡᠮᠡᢉᠳᠡᢉᠦᠯᢈᠦ ᠰᠤᠷᠭᠠᠯᠲᠠ ᠶ᠋ᠢᠨ ᢈᠥᠲᠦᠯᠪᠦᠷᠢ ᠶ᠋ᠢ ᠠᠯᠪᠠᠨ ᠶᠣᠰᠤᠭᠠᠷ ᠪᠠᠲᠤᠯᠠᠭᠠᠵᠢᠭᠤᠯᠤᠯᠠ᠃ ᠤᠭ ᢈᠥᠲᠦᠯᠪᠦᠷᠢ ᠨᠢ ᠢᠷᢉᠡᠳ ᠦ᠋ᠨ ᠴᠠᢈᠢᠮ ᢈᠡᠷᠡᢉᠯᠡᢉᠡᠨ ᠦ᠋ ᠮᠡᠳᠡᠯᢉᠡ᠂ ᠤᠷᠠ ᠴᠢᠳᠠᠪᠤᠷᠢ ᠶ᠋ᠢ ᠳᠡᢉᠡᢉᠰᠢᠯᠡᢉᠦᠯᢈᠦ᠂ ᠢᠨ᠋ᠲ᠋ᠧᠷᠨᠧᠲ ᠣᠷᠴᠢᠨ ᠳ᠋ᠤ ᠠᠶᠤᠯ ᠦᢉᠡᠢ ᠪᠠᠶᠢᠳᠠᠯ ᠢ᠋ ᠬᠠᠩᠭᠠᠬᠤ᠂ ᠴᠠᢈᠢᠮ ᠲᠣᠨᠤᠭ ᠲᠥᢈᠦᢉᠡᠷᠦᠮᠵᠢ ᠶ᠋ᠢ ᠦᠷᠡ ᠳ᠋ᠦᠩᠲᠡᠢ ᠠᠰᠢᠭᠯᠠᠬᠤ ᠴᠢᠳᠠᠪᠤᠷᠢ ᠶ᠋ᠢ ᢈᠥᢉᠵᠢᢉᠦᠯᢈᠦ ᠳ᠋ᠦ ᠴᠢᢉᠯᠡᢉᠰᠡᠨ᠃ ᠲᠤᠰ ᠰᠤᠷᠭᠠᠯᠲᠠ ᠶ᠋ᠢᠨ ᢈᠦᠷᠢᠶᠡᠨ ᠳ᠋ᠦ ᠢᠷᢉᠡᠳ ᠴᠠᢈᠢᠮ ᠣᠷᠴᠢᠨ ᠤ᠋ ᠡᠷᠦᠰᠳᠡᠯ ᠢ᠋ ᠲᠠᠨᠢᠵᠤ᠂ ᠻᠢᠪᠧᠷ ᠠᠶᠤᠯ ᠦᢉᠡᠢ ᠪᠠᠶᠢᠳᠠᠯ ᠢ᠋ ᠰᠠᢈᠢᠬᠤ᠂ ᠬᠤᠪᠢ ᠶ᠋ᠢᠨ ᠮᠡᠳᠡᢉᠡᠯᠡᠯ ᠢ᠋ᠶᠡᠨ ᠬᠠᠮᠠᠭᠠᠯᠠᠬᠤ᠂ ᠢᠨ᠋ᠲ᠋ᠧᠷᠨᠧᠲ ᠦᠢᠯᠡᠴᠢᠯᠡᢉᠡ᠂ ᠫᠷᠣᠭᠷᠠᠮᠮ ᠬᠠᠩᠭᠠᠮᠵᠢ ᠶ᠋ᠢ ᠵᠥᠪ ᠵᠣᢈᠢᠰᠲᠠᠢ ᠠᠰᠢᠭᠯᠠᠬᠤ ᠲᠠᠯᠠᠭᠠᠷ ᠣᠨᠤᠯ ᠤ᠋ᠨ ᠪᠣᠯᠤᠨ ᠫᠷᠠᠻᠲ᠋ᠢᠭ ᠮᠡᠳᠡᠯᢉᠡ ᠡᠵᠡᠮᠰᠢᢈᠦ ᠪᠣᠯᠤᠮᠵᠢ ᠲᠠᠢ᠃ ᠡᠨᠡ ᢈᠦ ᢈᠥᠲᠦᠯᠪᠦᠷᠢ ᠨᠢ ᠢᠷᢉᠡᠳ ᠢ᠋ ᠳ᠋ᠢᠵᠢᠲ᠋ᠠᠯ ᠡᠷᠢ ᠳ᠋ᠦ ᠢᠳᠡᠪᢈᠢᠲᠡᠢ᠂ ᠬᠠᠷᠢᠭᠤᠴᠠᠯᠭᠠᠲᠠᠢ ᢈᠡᠷᠡᢉᠯᠡᢉᠴᠢ ᠪᠣᠯᠭᠠᠬᠤ᠂ ᠤᠯᠠᠮ ᠢ᠋ᠶᠠᠷ ᠨᠡᠶᠢᢉᠡᠮ ᠳ᠋ᠦ ᠴᠠᢈᠢᠮ ᠰᠢᠯᠵᠢᠯᠲᠡ ᠶ᠋ᠢ ᠬᠤᠷᠳᠤᠰᠬᠠᠬᠤ ᠴᠢᠬᠤᠯᠠ ᠠᠴᠢ ᠬᠣᠯᠪᠤᠭᠳᠠᠯ ᠲᠠᠢ ᠶᠤᠮ᠃
ᠬᠩᢈᠢᠰᠦ᠋ᠰᠦ “ᠢ-ᠮᠣᠩᠭᠤᠯ ᠠᠻᠠᠳ᠋ᠧᠮᠢ” ᠤᠲᠤᠭ -ᠡᠶᠢᠨ ᠪᠦᢈᠦ ᠨᠡᠶᠢᠲᠡ ᠶ᠋ᠢᠨ ᠴᠠᢈᠢᠮ ᠤᠷᠠ ᠴᠢᠳᠠᠪᠤᠷᠢ ᠶ᠋ᠢ ᠨᠡᠮᠡᢉᠳᠡᢉᠦᠯᢈᠦ ᠰᠤᠷᠭᠠᠯᠲᠠ ᠶ᠋ᠢᠨ ᢈᠥᠲᠦᠯᠪᠦᠷᠢ ᠶ᠋ᠢ ᠠᠯᠪᠠᠨ ᠶᠣᠰᠤᠭᠠᠷ ᠪᠠᠲᠤᠯᠠᠭᠠᠵᠢᠭᠤᠯᠤᠯᠠ

ᠨᠡᠶᠢᠲᠡᠯᠡᠭᠰᠡᠨ᠄