E-Business ᠰᠢᠰᠲ᠋ᠧᠮ ᠡᠴᠡ ᠬᠠᠤᠯᠢ ᠶ᠋ᠢᠨ ᠡᠲᠡᢉᠡᠳ ᠦᠯᠦ ᢈᠥᠳᠡᠯᢈᠦ ᢈᠥᠷᠦᠩᢉᠡ ᠥᠮᠴᠢᠯᠡᠵᠦ ᠪᠠᠶᠢᠭ᠎ᠠ ᠪᠣᠯᠤᠨ ᠰᠢᠯᠵᠢᢉᠦᠯᠦᢉᠰᠡᠨ ᠲᠤᠬᠠᠢ ᠯᠠᠪᠯᠠᠭ᠎ᠠ ᠶ᠋ᠢ ᠠᠪᠬᠤ ᠪᠣᠯᠤᠮᠵᠢ ᠲᠠᠢ ᠪᠣᠯᠤᠯ᠎ᠠ


ᠪᠢᠽᠢᠨᠧᠰ ᠡᠷᢈᠢᠯᠡᢉᠴᠢ ᢈᠦᠮᠦᠨ ᠪᠦᠷᠢ ᠳ᠋ᠦ ᠵᠣᠷᠢᠭᠤᠯᠤᠭᠰᠠᠨ E-Business ᠰᠢᠰᠲ᠋ᠧᠮ ᠢ᠋ᠶᠡᠷ ᠬᠠᠤᠯᠢ ᠶ᠋ᠢᠨ ᠡᠲᠡᢉᠡᠳ ᠡᢉᠦᠰᢈᠡᠨ ᠪᠠᠶᠢᠭᠤᠯᠬᠤ ᠠ᠋ᠴᠠ ᠡᢈᠢᠯᠡᢉᠡᠳ ᠲᠠᠲᠠᠨ ᠪᠠᠭᠤᠯᠭᠠᠬᠤ ᢈᠦᠷᠲᠡᠯ᠎ᠡ ᠪᠦᢈᠦ ᠱᠠᠲᠤ ᠶ᠋ᠢ ᠴᠠᢈᠢᠮᠵᠢᠭᠤᠯᠵᠤ᠂ ᠪᠦᢈᠦ ᠲᠥᠷᠦᠯ ᠦ᠋ᠨ ᠵᠥᠪᠰᠢᠶᠡᠷᠡᠯ ᢈᠦᠰᠡᢈᠦ᠂ ᠰᠤᠩᠭᠠᠬᠤ ᠰᠢᠢᠳᠦᠯ ᠦ᠋ᠳ ᠢ᠋ ᠨᠢᢉᠡ ᠳᠣᠣᠷ᠎ᠠ ᠠ᠋ᠴᠠ ᠠᠪᠬᠤ ᠪᠣᠯᠤᠮᠵᠢ ᠶ᠋ᠢ ᠪᠦᠷᠢᠳᠦᢉᠦᠯᠦᢉᠰᠡᢉᠡᠷ ᠪᠠᠶᠢᠨ᠎ᠠ᠃  “ᠢ-ᠮᠣᠩᠭᠤᠯ ᠠᠻᠠᠳ᠋ᠧᠮᠢ” ᠤᠲᠤᠭ ᠤ᠋ᠨ ᠤᠯᠤᠰ ᠤ᠋ᠨ ᠪᠦᠷᠢᠳᢈᠡᠯ ᠦ᠋ᠨ ᠶᠡᠷᠦᠩᢈᠡᠢ ᠭᠠᠵᠠᠷ ᠤ᠋ᠨ ᠡᠳ᠋ ᢈᠥᠷᠦᠩᢉᠡ ᠶ᠋ᠢᠨ ᠡᠷᢈᠡ ᠶ᠋ᠢᠨ ᠤᠯᠤᠰ ᠤ᠋ᠨ ᠪᠦᠷᠢᠳᢈᠡᠯ ᠦ᠋ᠨ ᠭᠠᠵᠠᠷ ᠲᠠᠢ ᠬᠠᠮᠲᠤᠷᠠᠨ ᠬᠠᠤᠯᠢ ᠶ᠋ᠢᠨ ᠡᠲᠡᢉᠡᠳ ᠦ᠋ᠨ ᠦᠯᠦ ᢈᠥᠳᠡᠯᢈᠦ ᢈᠥᠷᠦᠩᢉᠡ ᠶ᠋ᠢᠨ ᠯᠠᠪᠯᠠᠭ᠎ᠠ᠂ ᠦᠯᠦ ᢈᠥᠳᠡᠯᢈᠦ ᠡᠳ᠋ ᢈᠥᠷᠦᠩᢉᠡ ᠥᠮᠴᠢᠯᠡᠵᠦ ᠪᠠᠶᠢᠭ᠎ᠠ ᠪᠣᠯᠤᠨ ᠰᠢᠯᠵᠢᢉᠦᠯᠦᢉᠰᠡᠨ ᠲᠤᠬᠠᠢ ᠯᠠᠪᠯᠠᠭ᠎ᠠ ᠶ᠋ᠢ ᠢᠷᢉᠡᠳ ᠦ᠋ᠨ ᠰᠠᠨᠠᠯ ᢈᠦᠰᠡᠯᠲᠡ ᠶ᠋ᠢᠨ ᠳᠠᠭᠠᠭᠤ ᢈᠦᠯᠢᠶᠡᠨ ᠠᠪᠴᠤ᠂ ᠰᠢᠶᠢᠳᠪᠦᠷᠢᠯᠡᠨ ᠴᠠᢈᠢᠮᠵᠢᠭᠤᠯᠤᠯ᠎ᠠ᠃ ᠲᠤᠰ ᠦᠢᠯᠡᠴᠢᠯᠡᢉᠡ ᠶ᠋ᠢ ᠡᠮᠦᠨ᠎ᠡ ᠨᠢ ᠪᠢᠽᠢᠨᠧᠰ ᠡᠷᢈᠢᠯᠡᢉᠴᠢ ᠢᠷᢉᠡᠨ ᠥᠪᠡᠷ ᠦ᠋ᠨ ᠪᠡᠶ᠎ᠡ ᠪᠡᠷ ᠬᠣᠯᠪᠤᠭᠳᠠᠬᠤ ᠪᠠᠶᠢᠭᠤᠯᠤᠯᠭ᠎ᠠ ᠳ᠋ᠤ ᠣᠴᠢᠵᠤ ᢈᠦᠰᠡᠯᠲᠡ ᠪᠡᠨ ᠭᠠᠷᠭᠠᠵᠤ ᠠᠪᠳᠠᠭ ᠪᠠᠶᠢᠭᠰᠠᠨ ᠪᠣᠯ ᠣᠳᠤ E-Business ᠰᠢᠰᠲ᠋ᠧᠮ ᠢ᠋ᠶᠡᠷ ᠳᠠᠮᠵᠢᠭᠤᠯᠤᠨ ᠦᠨ᠎ᠡ ᠲᠥᠯᠦᠪᠦᠷᠢ ᠦᢉᠡᠢ᠂ ᠴᠠᠭ ᠠᠯᠳᠠᠯ ᠦᢉᠡᠢ᠂ ᠰᠢᠭᠤᠷᠬᠠᠢ ᠠᠪᠬᠤ ᠪᠣᠯᠤᠮᠵᠢ ᠪᠦᠷᠢᠳᠦᢉᠰᠡᠨ ᠢ᠋ᠶᠡᠷ ᠢ᠋ᠶᠡᠨ ᠣᠨᠴᠠᠯᠢᠭ ᠶᠤᠮ᠃  E-Business ᠰᠢᠰᠲ᠋ᠧᠮ ᠳ᠋ᠦ ᠬᠠᠤᠯᠢ ᠶ᠋ᠢᠨ ᠡᠲᠡᢉᠡᠳ ᠦ᠋ᠨ ᠨᠡᢉᠡᢉᠡᠯᠲᠡ ᠲᠡᠢ ᠮᠡᠳᠡᢉᠡᠯᠡᠯ᠂ ᠥᢉᢉᠦᢉᠳᠡᠯ ᠦ᠋ᠳ ᠢᠯᠡ ᠲᠣᠳᠤ ᠪᠠᠶᠢᠬᠤ ᠪᠥᢉᠡᠳ ᠬᠠᠤᠯᠢ ᠶ᠋ᠢᠨ ᠡᠲᠡᢉᠡᠳ ᠦ᠋ᠨ ᠷᠧᢉᠢᠰᠲ᠋ᠧᠷ᠂ ᠨᠡᠷ᠎ᠡ ᠪᠣᠯᠤᠨ ᠡᠵᠡᠮᠰᠢᠵᠦ ᠪᠤᠢ ᠲᠤᠰᠬᠠᠢ ᠵᠥᠪᠰᠢᠶᠡᠷᠡᠯ᠂ ᠣᠶᠤᠨ ᠤ᠋ ᠥᠮᠴᠢ᠂ ᠲᠥᠷᠦ ᠶ᠋ᠢᠨ ᠬᠤᠳᠠᠯᠳᠤᠨ ᠠᠪᠬᠤ ᠠᠵᠢᠯᠯᠠᠭᠠᠨ ᠤ᠋ ᠲᠧᠨ᠋ᠳᠧᠷ ᠲᠦ ᠰᠢᠯᠭᠠᠷᠠᠭᠰᠠᠨ ᠪᠠᠶᠢᠳᠠᠯ ᠵᠡᠷᢉᠡ ᠪᠡᠷ ᠨᠢ ᠬᠠᠶᠢᠬᠤ ᠪᠣᠯᠤᠮᠵᠢ ᠶ᠋ᠢ ᠤᠯᠠᠮ ᠪᠦᠷᠢ ᠰᠠᠶᠢᠵᠢᠷᠠᠭᠤᠯᠤᠭᠰᠠᠭᠠᠷ ᠪᠠᠶᠢᠭ᠎ᠠ ᠪᠢᠯᠡ᠃  ᠪᠢᠽᠢᠨᠧᠰ ᠡᠷᢈᠢᠯᠡᢉᠴᠢᠳ᠂ ᠠᠨ-ᠡᢉᠦᠳᠡ ᠳᠡᢉᠡᢉᠡᢈᠦ ᠰᠢᠰᠲ᠋ᠧᠮ ᠢ᠋ ᠠᠰᠢᠭᠯᠠᠭᠰᠠᠨ ᠢ᠋ᠶᠠᠷ ᠪᠢᠽᠢᠨᠧᠰ ᠡᠷᢈᠢᠯᠡᢉᠴᠢᠳ ᠦ᠋ᠨ ᠴᠠᠭ᠂ᠵᠠᠷᠤᠳᠠᠯ ᠢ᠋ ᢈᠡᠮᠨᠡᢈᠦ᠂ ᢈᠥᠷᠦᠩᢉᠡ ᠣᠷᠤᠭᠤᠯᠤᠭᠴᠢᠳ ᠢ᠋ ᠲᠠᠲᠠᠬᠤ᠂ ᠣᠷᠤᠨ ᠨᠤᠲᠤᠭ ᠠ᠋ᠴᠠ ᠪᠢᠽᠢᠨᠧᠰ ᠡᠷᢈᠢᠯᠡᢈᠦ ᠪᠣᠯᠤᠮᠵᠢ ᠨᠡᠮᠡᢉᠳᠡᢈᠦ ᠡᠴᠡ ᠭᠠᠳᠠᠨ᠎ᠠ ᠥᠪᠡᠷ ᠲᠦ ᠪᠡᠨ ᠬᠠᠷᠢᠭᠤᠴᠠᠯᠭ᠎ᠠ ᠶ᠋ᠢ ᠪᠤᠢ ᠪᠣᠯᠭᠠᠵᠤ ᠪᠠᠶᠢᠭ᠎ᠠ ᠣᠯᠠᠨ ᠳᠠᠪᠠᠭᠤ ᠲᠠᠯ᠎ᠠ ᠲᠠᠢ᠃  ᠦᠶᠢᠯᠡᠴᠢᠯᠡᢉᠡ ᠠᠪᠬᠤ ᠯᠢᠨᠻ:

ᠨᠡᠶᠢᠲᠡᠯᠡᠭᠰᠡᠨ᠄