ᠮᠣᠩᠭᠣᠯ ᠤᠯᠤᠰ ᠲᠤ ᠠᠯᠪᠠᠨ ᠤ᠋ ᠪᠣᠯᠤᠨ ᠬᠤᠪᠢ ᠶ᠋ᠢᠨ ᠵᠣᠷᠢᠯᠭᠠ ᠪᠠᠷ ᠣᠷᠤᠰᠢᠨ ᠰᠠᠭᠤᠵᠤ ᠪᠠᠶᠢᠭᠠ ᠭᠠᠳᠠᠭᠠᠳᠤ ᠶ᠋ᠢᠨ ᠢᠷᢉᠡᠳ᠂ ᠵᠢᠭᠤᠯᠴᠢᠳ F-Register /ᠪᠦᠷᠢᠳᢈᠡᠯ/ ᠠᠰᠢᠭᠯᠠᠨ E-Mongoliᠠ ᠰᠢᠰᠲ᠋ᠧᠮ ᠡᠴᠡ ᠲᠥᠷᠦ ᠶ᠋ᠢᠨ ᠪᠣᠯᠤᠨ ᠬᠤᠪᠢ ᠶ᠋ᠢᠨ ᢈᠡᠪᠰᠢᠯ ᠦ᠋ᠨ ᠪᠦᢈᠦ ᠪᠠᠶᠢᠭᠤᠯᠤᠯᠭᠠ ᠨᠤᠭᠤᠳ ᠠ᠋ᠴᠠ ᠦᠢᠯᠡᠴᠢᠯᠡᢉᠡ ᠠᠪᠬᠤ ᠪᠣᠯᠤᠮᠵᠢ ᠲᠠᠢ ᠪᠣᠯᠤᠭᠠᠳ ᠪᠠᠭᠠ ᠦᢉᠡᠢ ᠬᠤᠭᠤᠴᠠᠭᠠ ᠥᠩᢉᠡᠷᠡᢉᠰᠡᠨ ᠪᠠᠶᠢᠨᠠ᠃ ᠭᠠᠳᠠᠭᠠᠳᠤ ᠶ᠋ᠢᠨ ᠢᠷᢉᠡᠨ ᠦ᠋ ᠡᠷᢈᠡ ᠵᠦᠢ ᠶ᠋ᠢᠨ ᠪᠠᠶᠢᠳᠠᠯ ᠤ᠋ᠨ ᠲᠤᠬᠠᠢ ᠬᠠᠤᠯᠢ ᠶ᠋ᠢᠨ 10 ᠳ᠋ᠤᠭᠠᠷ ᠵᠦᠶᠢᠯ ᠦ᠋ᠨ 10᠂1᠃ 1 ᠳ᠋ᠡᢈᠢ ᠵᠢᠭᠠᠯᠲᠠ ᠳ᠋ᠤ “ᠭᠠᠳᠠᠭᠠᠳᠤ ᠶ᠋ᠢᠨ ᠢᠷᢉᠡᠨ ᠢ᠋ ᠬᠠᠤᠯᠢ ᠲᠣᠭᠲᠠᠭᠠᠮᠵᠢ ᠳ᠋ᠤ ᠵᠢᠭᠠᠭᠰᠠᠨ ᠤ᠋ ᠳᠠᠭᠠᠭᠤ ᠬᠣᠯᠪᠤᠭᠳᠠᠬᠤ ᠪᠠᠶᠢᠭᠤᠯᠤᠯᠭᠠ ᠳ᠋ᠤ ᠪᠦᠷᠢᠳᢈᠡᢉᠦᠯᢈᠦ;” ᢉᠡᠵᠦ ᠮᠣᠩᠭᠣᠯ ᠤᠯᠤᠰ ᠲᠤ ᠤᠷᠢᠭᠰᠠᠨ ᠢᠷᢉᠡᠨ᠂ ᠠᠵᠤ ᠠᠬᠤᠢ ᠶ᠋ᠢᠨ ᠨᠢᢉᠡᠴᠡ᠂ ᠪᠠᠶᠢᠭᠤᠯᠤᠯᠭᠠ ᠶ᠋ᠢᠨ ᠡᢉᠦᠷᢉᠡ ᠶ᠋ᠢ᠂ ᠮᠥᠨ ᠵᠠᠰᠠᠭ ᠤ᠋ᠨ ᠭᠠᠵᠠᠷ ᠤ᠋ᠨ 2021 ᠣᠨ ᠤ᠋ 192 ᠳ᠋ᠤᠭᠠᠷ ᠲᠣᠭᠲᠠᠭᠠᠯ ᠤ᠋ᠨ ᠬᠠᠪᠰᠤᠷᠤᠯᠲᠠ ᠪᠠᠷ ᠪᠠᠲᠤᠯᠠᠭᠳᠠᠭᠰᠠᠨ “ᠮᠣᠩᠭᠤᠯ ᠤᠯᠤᠰ ᠤ᠋ᠨ ᠸᠢᠰᠠ ᠣᠯᠭᠠᠬᠤ ᠵᠢᠷᠤᠮ”- ᠤ᠋ᠨ 5᠂3᠃ 3 ᠳ᠋ᠤᠭᠠᠷᠲᠤ “ᢈᠥᠳᠡᠯᠮᠦᠷᠢ ᠡᠷᢈᠢᠯᠡᢈᠦ᠂ ᢈᠥᠷᠦᠩᢉᠡ ᠣᠷᠤᠭᠤᠯᠬᠤ ᠵᠣᠷᠢᠯᠭᠠ ᠪᠠᠷ ᠢᠷᠡᢈᠦ ᠭᠠᠳᠠᠭᠠᠳᠤ ᠶ᠋ᠢᠨ ᠢᠷᢉᠡᠨ ᠳ᠋ᠦ ᠲᠥᠷᠦ ᠶ᠋ᠢᠨ ᠵᠠᢈᠢᠷᠭᠠᠨ ᠤ᠋ ᠡᠷᢈᠡ ᠪᠦᢈᠦᠢ ᠪᠠᠶᠢᠭᠤᠯᠤᠯᠭᠠ ᠠ᠋ᠴᠠ ᠣᠯᠭᠠᠭᠰᠠᠨ ᠵᠥᠪᠰᠢᠶᠡᠷᠡᠯ;” ᢉᠡᠵᠦ ᠸᠢᠰᠠ ᠶ᠋ᠢᠨ ᠵᠥᠪᠰᠢᠶᠡᠷᠡᠯ ᠣᠯᠭᠠᠬᠤ ᠳ᠋ᠤ ᠪᠦᠷᠢᠳᠦᢉᠦᠯᢈᠦ ᠪᠠᠷᠢᠮᠲᠠ ᠪᠢᠴᠢᢉ ᠢ᠋ ᠲᠤᠰ ᠲᠤᠰ ᠵᠢᠭᠠᠭᠰᠠᠨ᠃ ᠡᢉᠦᠨ ᠲᠡᠢ ᠬᠣᠯᠪᠤᠭᠳᠠᠭᠤᠯᠤᠨ ᠪᠣᠯᠪᠠᠰᠤᠷᠠᠯ ᠤ᠋ᠨ ᠰᠤᠷᠭᠠᠯᠲᠠ ᠶ᠋ᠢᠨ ᠪᠠᠶᠢᠭᠤᠯᠤᠯᠭᠠ ᠨᠤᠭᠤᠳ ᠭᠠᠳᠠᠭᠠᠳᠤ ᠶ᠋ᠢᠨ ᠢᠷᢉᠡᠨ ᠢ᠋ ᠪᠠᠭᠰᠢ ᠪᠠᠷ ᠠᠵᠢᠯᠯᠠᠭᠤᠯᠬᠤ ᠳ᠋ᠤ ᠳᠡᠮᠵᠢᠯᢉᠡ ᠦᠵᠡᢉᠦᠯᢈᠦ᠂ ᠪᠢᠴᠢᢉ ᠢ᠋ “ᠢ-ᠮᠣᠩᠭᠤᠯ ᠠᠻᠠᠳ᠋ᠧᠮᠢ” ᠤᠲᠤᠭ᠂ ᠪᠣᠯᠪᠠᠰᠤᠷᠠᠯ ᠤ᠋ᠨ ᠶᠠᠮᠤᠨ ᠲᠠᠢ ᠬᠠᠮᠲᠤᠷᠠᠨ ᠴᠠᢈᠢᠮᠵᠢᠭᠤᠯᠵᠤ E-Business ᠰᠢᠰᠲ᠋ᠧᠮ ᠡᠴᠡ ᠠᠪᠬᠤ ᠪᠣᠯᠤᠮᠵᠢ ᠶ᠋ᠢ ᠪᠦᠷᠢᠳᠦᢉᠦᠯᠦᠯᠡ᠃ ᠳᠡᢉᠡᠷᠡᢈᠢ ᠦᠢᠯᠡᠴᠢᠯᠡᢉᠡ ᠨᠢ ᠶᠠᠮᠪᠠᠷ ᠨᠢᢉᠡᠨ ᠰᠤᠷᠭᠠᠯᠲᠠ ᠶ᠋ᠢᠨ ᠪᠠᠶᠢᠭᠤᠯᠤᠯᠭᠠ ᠪᠤᠶᠤ ᠬᠠᠤᠯᠢ ᠶ᠋ᠢᠨ ᠡᠲᠡᢉᠡᠳ ᠨᠢ ᠲᠤᠬᠠᠢ ᠶ᠋ᠢᠨ ᠪᠠᠶᠢᠭᠤᠯᠤᠯᠭᠠ ᠳ᠋ᠤ ᠪᠠᠨ ᠠᠵᠢᠯᠯᠠᠭᠤᠯᠬᠤ ᠢᠷᢉᠡᠨ ᠳ᠋ᠦ ᠸᠢᠰᠠ ᠳ᠋ᠤ ᠣᠷᠤᠬᠤ ᠳ᠋ᠤ ᠨᠢ ᠵᠣᠷᠢᠭᠤᠯᠤᠨ ᠥᠪᠡᠷ ᠦ᠋ᠨ ᠪᠠᠶᠢᠭᠤᠯᠤᠯᠭᠠ ᠳ᠋ᠤ ᠪᠠᠨ ᠠᠵᠢᠯᠯᠠᠨᠠ ᢉᠡᠳᠡᢉ ᠢ᠋ ᠨᠣᠲᠠᠯᠠᠬᠤ ᠪᠠᠷᠢᠮᠲᠠ ᠪᠢᠴᠢᢉ ᠶᠤᠮ᠃
ᠭᠠᠳᠠᠭᠠᠳᠤ ᠪᠠᠭᠰᠢ᠂ ᠮᠡᠷᢉᠡᠵᠢᠯᠲᠡᠨ ᠮᠣᠩᠭᠣᠯ ᠤᠯᠤᠰ ᠲᠤ ᢈᠥᠳᠡᠯᠮᠦᠷᠢ ᠡᠷᢈᠢᠯᠡᢈᠦ᠂ ᠣᠷᠤᠰᠢᠨ ᠰᠠᠭᠤᠬᠤ ᠶ᠋ᠢ ᠳᠡᠮᠵᠢᢈᠦ ᠪᠢᠴᠢᢉ ᠠᠪᠬᠤ ᢈᠦᠰᠡᠯᠲᠡ ᠶ᠋ᠢ E-Business ᠰᠢᠰᠲ᠋ᠧᠮ ᠡᠴᠡ ᠠᠪᠬᠤ ᠪᠣᠯᠤᠮᠵᠢ ᠲᠠᠢ ᠪᠣᠯᠤᠯᠠ

ᠨᠡᠶᠢᠲᠡᠯᠡᠭᠰᠡᠨ᠄