“ᠢ-ᠮᠣᠩᠭᠤᠯ ᠠᠻᠠᠳ᠋ᠧᠮᠢ” ᠤᠲᠤᠭ᠂ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠲᠠᠢ ᠬᠠᠮᠲᠤᠷᠠᠨ ᠠᠵᠢᠯᠯᠠᠨ᠎ᠠ


“ᠢ-ᠮᠣᠩᠭᠤᠯ ᠠᠻᠠᠳ᠋ᠧᠮᠢ” ᠤᠲᠤᠭ 2025 ᠣᠨ ᠳ᠋ᠤ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭ᠎ᠠ ᠨᠤᠭᠤᠳ ᠤ᠋ᠨ ᠬᠠᠮᠲᠤ ᠶ᠋ᠢᠨ ᠠᠵᠢᠯᠯᠠᠭ᠎ᠠ ᠶ᠋ᠢ ᠪᠡᢈᠢᠵᠢᢉᠦᠯᢈᠦ᠂ ᠢᠷᢉᠡᠳ ᠲᠦ ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ ᠶ᠋ᠢ ᠨᠡᠮᠡᢉᠳᠡᢉᠦᠯᢈᠦ᠂ ᢈᠢᠯᠪᠠᠷ ᠪᠠᠶᠢᠳᠠᠯ ᠢ᠋ ᠪᠤᠢ ᠪᠣᠯᠭᠠᠬᠤ᠂ ᠴᠠᢈᠢᠮ ᠤᠷ᠎ᠠ ᠴᠢᠳᠠᠪᠤᠷᠢ ᠶ᠋ᠢ ᠡᠵᠡᠮᠰᠢᢉᠦᠯᢈᠦ᠂ ᠢᠷᢉᠡᠳ ᠦ᠋ᠨ ᠬᠤᠪᠢ ᠳ᠋ᠤ ᠬᠠᠮᠤᠭ ᠤ᠋ᠨ ᠡᠷᠢᠯᠲᠡ ᠲᠡᠢ ᠪᠦᠲᠦᢉᠡᢉᠳᠡᢈᠦᠨ᠂ ᠦᠢᠯᠡᠴᠢᠯᠡᢉᠡᠨ ᠦ᠋ ᠲᠣᠭ᠎ᠠ ᠶ᠋ᠢ ᠨᠡᠮᠡᢉᠳᠡᢉᠦᠯᢈᠦ ᠴᠢᢉᠯᠡᠯ ᠢ᠋ᠶᠡᠷ ᠱᠠᠲᠤ ᠳᠠᠷᠠᠭ᠎ᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ ᠪᠠᠶᠢᠭ᠎ᠠ ᠪᠢᠯᠡ᠃  ᠥᠨᠦᠳᠦᠷ /2025᠂03᠂27/ “ᠢ-ᠮᠣᠩᠭᠤᠯ ᠠᠻᠠᠳ᠋ᠧᠮᠢ” ᠤᠲᠤᠭ᠂ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠤ᠋ᠨ ᠤᠳᠤᠷᠢᠳᠤᠯᠭ᠎ᠠ᠂ ᠠᠯᠪᠠᠨ ᠬᠠᠭᠠᠭᠴᠢ ᠳ᠋ᠤ ᠴᠠᠭᠠᠰᠢᠳᠠ ᠬᠠᠮᠲᠤᠷᠠᠨ ᠠᠵᠢᠯᠯᠠᠬᠤ ᠲᠠᠯᠠᠭᠠᠷ ᠰᠠᠨᠠᠯ ᠰᠣᠯᠢᠯᠴᠠᠪᠠ᠃  ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ‍᠂ ᠮᠢᠭᠮᠠᠷᠨᠠᠷᠠᠨ᠂ ᠭᠠᠳᠠᠭᠠᠳᠤ ᠬᠠᠷᠢᠯᠴᠠᠭ᠎ᠠ᠂ ᠬᠠᠮᠲᠤ ᠶ᠋ᠢᠨ ᠠᠵᠢᠯᠯᠠᠭᠠᠨ ᠤ᠋ ᠭᠠᠵᠠᠷ ᠤ᠋ᠨ (ᠬᠤᠬᠠᠭ) ᠳᠠᠷᠤᠭ᠎ᠠ ᠭ᠃  ᠥᠨᠢᠷᠴᠡᠴᠡᢉ᠂ ᠰᠤᠷᠭᠠᠯᠲᠠ ᠶ᠋ᠢᠨ ᢈᠡᠯᠲᠡᠰ ᠦ᠋ᠨ (ᠰᠬᠠ) ᠳᠠᠷᠤᠭ᠎ᠠ ᠸ᠃  ᠯᠤᠲᠤ-ᠸᠴᠢᠷ᠂ ᠮᠣᠩᠭᠣᠯ ᠤᠯᠤᠰ ᠤ᠋ᠨ ᠬᠠᠤᠯᠢ ᠵᠦᠢ᠂ ᠳᠣᠲᠤᠭᠠᠳᠤ ᢈᠡᠷᠡᢉ ᠦ᠋ᠨ ᠶᠠᠮᠤᠨ ᠤ᠋ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠤ᠋ᠨ ᠳᠡᠳ᠋ ᠳᠠᠷᠤᠭ᠎ᠠ᠂ᠴᠠᠭᠳᠠᠭ᠎ᠠ ᠶ᠋ᠢᠨ ᠬᠤᠷᠠᠩᠳᠠ ᠡ‍᠂ ᠬᠠᠯᠢᠭᠤᠨᠪᠠᠶᠠᠷ᠂ ᠠᠶᠤᠯ ᠦᢉᠡᠢ ᠪᠠᠶᠢᠳᠠᠯ᠂ ᠳᠣᠲᠤᠭᠠᠳᠤ ᢈᠢᠨᠠᠯᠲᠠ᠂ ᠠᠦ᠋ᠳᠢᠲ ᠤ᠋ᠨ ᠭᠠᠵᠠᠷ ᠤ᠋ᠨ ᠳᠠᠷᠤᠭ᠎ᠠ᠂ ᠴᠠᠭᠳᠠᠭ᠎ᠠ ᠶ᠋ᠢᠨ ᠬᠤᠷᠠᠩᠳᠠ ᠤ‍᠂ ᠪᠣᠯᠤᠳᠪᠠᠭᠠᠲᠤᠷ᠂ ᠻᠢᠪᠧᠷ ᠠᠶᠤᠯ ᠦᢉᠡᠢ ᠪᠠᠶᠢᠳᠠᠯ ᠤ᠋ᠨ ᢈᠡᠯᠲᠡᠰ ᠦ᠋ᠨ ᠳᠠᠷᠤᠭ᠎ᠠ᠂ ᠴᠠᠭᠳᠠᠭ᠎ᠠ ᠶ᠋ᠢᠨ ᠳᠡᠳ᠋ ᠬᠤᠷᠠᠩᠳᠠ ᠠ‍᠂ ᠠᠵᠠᠵᠢᠷᠭᠠᠯ᠂ ᠲᠥᠯᠦᠪᠯᠡᠯᠲᠡ ᠵᠣᢈᠢᠶᠠᠨ ᠪᠠᠶᠢᠭᠤᠯᠤᠯᠲᠠ ᠶ᠋ᠢᠨ ᢈᠡᠯᠲᠡᠰ ᠦ᠋ᠨ ᠳᠠᠷᠤᠭ᠎ᠠ᠂ ᠴᠠᠭᠳᠠᠭ᠎ᠠ ᠶ᠋ᠢᠨ ᠬᠣᠰᠢᠭᠤᠴᠢ ᠪᠠ‍᠂ᠪᠠᠶᠠᠷ ᠠᠠ ᠪᠣᠯᠤᠨ ᠬᠣᠯᠪᠤᠭᠳᠠᠬᠤ ᠮᠡᠷᢉᠡᠵᠢᠯᠲᠡᠨ᠂ ᠠᠯᠪᠠᠨ ᠬᠠᠭᠠᠭᠴᠢᠳ ᠣᠷᠤᠯᠴᠠᠯ᠎ᠠ᠃  ᠡᠨᠡ ᢈᠦ ᠠᠭᠤᠯᠵᠠᠯᠲᠠ ᠪᠠᠷ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠶᠡ-ᠮᠣᠩᠭᠣᠯᠢᠶ᠎ᠠ ᠰᠢᠰᠲ᠋ᠧᠮ ᠳ᠋ᠦ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠠ᠋ᠴᠠ ᠣᠯᠭᠤᠳᠠᠭ ᠦᠢᠯᠡᠴᠢᠯᠡᢉᠡ ᠶ᠋ᠢ ᠨᠡᠪᠲᠡᠷᠡᢉᠦᠯᢈᠦ᠂ ᠠᠯᠪᠠ ᠬᠠᠭᠠᠭᠴᠢᠳ ᠤ᠋ᠨ ᠴᠠᢈᠢᠮ ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ᠂ ᠮᠡᠳᠡᢉᠡᠯᠡᠯ ᠦ᠋ᠨ ᠲᠧᠻᠨᠣᠯᠣᢉᠢ ᠶ᠋ᠢᠨ ᢈᠦᠮᠦᠨ ᠦ᠋ ᠨᠥᢉᠡᠴᠡ ᠶ᠋ᠢ ᠴᠢᠳᠠᠪᢈᠢᠵᠢᠭᠤᠯᠬᠤ ᠵᠣᠷᠢᠯᠭ᠎ᠠ ᠪᠠᠷ ᠰᠤᠷᠭᠠᠯᠲᠠ᠂ ᠣᠯᠠᠨ ᠤᠯᠤᠰ ᠤ᠋ᠨ ᢈᠥᠲᠦᠯᠪᠦᠷᠢ ᠳ᠋ᠦ ᠬᠠᠮᠤᠷᠤᠭᠤᠯᠬᠤ᠂ ᠴᠠᠭᠠᠰᠢᠳᠠ ᠬᠣᠶᠠᠷ ᠲᠠᠯ᠎ᠠ ᠴᠠᢈᠢᠮ ᠰᠢᠯᠵᠢᠯᠲᠡ ᠲᠡᠢ ᠬᠣᠯᠪᠤᠭᠠᠲᠠᠢ ᠰᠢᠨ᠎ᠡ ᠪᠣᠯᠤᠮᠵᠢ ᠨᠤᠭᠤᠳ ᠢ᠋ ᠨᠡᢉᠡᢉᠡᠵᠦ᠂ ᠰᠤᠳᠤᠯᠭ᠎ᠠ ᠰᠢᠨᠵᠢᠯᠡᢉᠡ᠂ ᢈᠥᢉᠵᠢᢉᠦᠯᠦᠯᠲᠡ ᠶ᠋ᠢᠨ ᠲᠠᠯᠠᠭᠠᠷ ᠬᠠᠮᠲᠤ ᠶ᠋ᠢᠨ ᠠᠵᠢᠯᠯᠠᠭ᠎ᠠ ᠪᠠᠨ ᠥᠷᢉᠡᠵᠢᢉᠦᠯᠦᠨ ᠠᠵᠢᠯᠯᠠᠬᠤ ᠪᠠᠷ ᠪᠣᠯᠤᠯ᠎ᠠ᠃

ᠨᠡᠶᠢᠲᠡᠯᠡᠭᠰᠡᠨ᠄