- ᢈᠥᠳᠡᠯᠮᠦᠷᠢ ᠨᠡᠶᠢᢉᠡᠮ ᠦ᠋ᠨ ᠬᠠᠮᠠᠭᠠᠯᠠᠯ ᠤ᠋ᠨ ᠰᠤᠷᠭᠠᠯᠲᠠ᠂ ᠦᠨᠡᠯᠡᢉᠡ᠂ ᠰᠤᠳᠤᠯᠭᠠᠨ ᠤ᠋ ᠢᠨᠰᠲ᠋ᠢᠲ᠋ᠦᠲ “ᠢ-ᠮᠣᠩᠭᠤᠯ ᠠᠻᠠᠳ᠋ᠧᠮᠢ” ᠤᠲᠤᠭ-ᠡᠶᠢᠨ ᠪᠦᢈᠦ ᠨᠡᠶᠢᠲᠡ ᠶ᠋ᠢᠨ ᠴᠠᢈᠢᠮ ᠤᠷᠠ ᠴᠢᠳᠠᠪᠤᠷᠢ ᠶ᠋ᠢ ᠨᠡᠮᠡᢉᠳᠡᢉᠦᠯᢈᠦ ᠰᠤᠷᠭᠠᠯᠲᠠ ᠶ᠋ᠢᠨ ᢈᠥᠲᠦᠯᠪᠦᠷᠢ ᠶ᠋ᠢ ᠠᠯᠪᠠᠨ ᠶᠣᠰᠤᠭᠠᠷ ᠪᠠᠲᠤᠯᠠᠭᠠᠵᠢᠭᠤᠯᠤᠯ ᠢ᠋ᠶᠠᠨ ᠰᠤᠷᠭᠠᠯᠲᠠ᠂ ᠣᠯᠠᠨ ᠨᠡᠶᠢᠲᠡ ᠲᠡᠢ ᠬᠠᠷᠢᠯᠴᠠᠬᠤ ᠭᠠᠵᠠᠷ ᠤ᠋ᠨ ᠰᠤᠷᠭᠠᠯᠲᠠ ᠶ᠋ᠢᠨ ᢈᠡᠯᠲᠡᠰ ᠦ᠋ᠨ ᠮᠡᠷᢉᠡᠵᠢᠯᠲᠡᠨ ᠨᠦ᠋ᢉᠦᠳ᠂ ᠰᠤᠷᠭᠠᠭᠴᠢ ᠪᠠᠭᠰᠢ ᠨᠠᠷ ᢉᠡᠷ ᠪᠦᠯᠢ᠂ ᢈᠥᠳᠡᠯᠮᠦᠷᠢ᠂ ᠨᠡᠶᠢᢉᠡᠮ ᠦ᠋ᠨ ᠬᠠᠮᠠᠭᠠᠯᠠᠯ ᠤ᠋ᠨ ᠶᠠᠮᠤᠨ ᠤ᠋ ᠬᠠᠷᠢᠶᠠ ᢈᠥᠳᠡᠯᠮᠦᠷᠢ᠂ ᠨᠡᠶᠢᢉᠡᠮ ᠦ᠋ᠨ ᠬᠠᠮᠠᠭᠠᠯᠠᠯ ᠤ᠋ᠨ ᠰᠤᠷᠭᠠᠯᠲᠠ ᠶ᠋ᠢᠨ ᠰᠤᠷᠭᠠᠭᠤᠯᠢ (ᠬᠩᢈᠢᠰᠦ᠋ᠰᠦ)-ᠡᠶᠢᠨ ᠵᠣᢈᠢᠶᠠᠨ ᠪᠠᠶᠢᠭᠤᠯᠤᠭᠰᠠᠨ 14 ᠴᠠᠭ ᠤ᠋ᠨ ᠪᠠᠭᠴᠠ ᠰᠤᠷᠭᠠᠯᠲᠠ ᠳ᠋ᠤ ᠬᠠᠮᠤᠷᠤᠭᠳᠠᠯᠠ᠃ ᠡᠨᠡ ᢈᠦ ᠰᠤᠷᠭᠠᠯᠲᠠ ᠨᠢ ᠰᠤᠷᠭᠠᠭᠴᠢ ᠪᠠᠭᠰᠢ ᠨᠠᠷ ᠤ᠋ᠨ ᠵᠢᠭᠠᠬᠤ ᠠᠷᠭᠠ ᠵᠦᠢ᠂ ᠠᠷᠭᠠᠴᠢᠯᠠᠯ ᠢ᠋ ᠰᠠᠶᠢᠵᠢᠷᠠᠭᠤᠯᠬᠤ ᠳ᠋ᠤ ᠴᠢᢉᠯᠡᢉᠳᠡᢉᠰᠡᠨ ᠪᠥᢉᠡᠳ ᠠᠮᠵᠢᠯᠲᠠᠲᠠᠢ ᠬᠠᠮᠤᠷᠤᠭᠳᠠᠭᠰᠠᠨ ᠪᠦᢈᠦ ᠠᠯᠪᠠ ᠬᠠᠭᠠᠭᠴᠢ ᠳ᠋ᠤ ᠬᠤᠪᠢ ᠪᠠᠷ ᠢ᠋ᠶᠠᠨ ᠰᠤᠷᠭᠠᠯᠲᠠ ᠵᠣᢈᠢᠶᠠᠨ ᠪᠠᠶᠢᠭᠤᠯᠬᠤ ᠡᠷᢈᠡ ᠲᠡᠢ ᠪᠣᠯᠵᠤ ᠪᠠᠶᠢᠨᠠ᠃
- ᠤᠯᠤᠰ ᠤ᠋ᠨ ᢈᠢᠯᠢ ᠪᠡᠷ ᠨᠡᠪᠲᠡᠷᠡᢉᠰᠡᠨ ᠢᠷᢉᠡᠨ ᠦ᠋ ᠯᠠᠪᠯᠠᠭᠠ ᠶ᠋ᠢ ᠢ-ᠮᠣᠩᠭᠣᠯᠢᠶᠠ ᠰᠢᠰᠲ᠋ᠧᠮ ᠡᠴᠡ ᠢᠯᠡᢉᠦᠦ ᢈᠢᠯᠪᠠᠷ ᠢ᠋ᠶᠠᠷ ᠠᠪᠤᠭᠠᠷᠠᠢ ᠤᠯᠤᠰ ᠤ᠋ᠨ ᢈᠢᠯᠢ ᠪᠡᠷ ᠨᠡᠪᠲᠡᠷᠡᢉᠰᠡᠨ ᠢᠷᢉᠡᠨ ᠦ᠋ ᠯᠠᠪᠯᠠᠭᠠ ᠳᠠᠷᠠᠭᠠᢈᠢ ᠲᠣᢈᠢᠶᠠᠯᠳᠤᠯ ᠤ᠋ᠳ ᠲᠤ ᠱᠠᠭᠠᠷᠳᠠᠯᠭᠠ ᠲᠠᠢ:
– ᠸᠢᠰᠠ ᠶ᠋ᠢᠨ ᠮᠠᠲ᠋ᠧᠷᠢᠠᠯ ᠪᠦᠷᠢᠳᠦᢉᠦᠯᢈᠦ
-ᠴᠡᠷᠢᢉ ᠲᠠᠲᠠᠯᠭᠠ ᠲᠠᠢ ᠬᠣᠯᠪᠤᠭᠠ ᠲᠠᠢ ᠨᠡᠶᠢᠰᠯᠡᠯ᠂ ᠠᠶᠢᠮᠠᠭ᠂ ᠳᠡᢉᠦᠷᢉᠡ ᠶ᠋ᠢᠨ ᠴᠡᠷᠢᢉ ᠦ᠋ᠨ ᠱᠲ᠋ᠠᠪ ᠲᠤ ᠭᠠᠷᠭᠠᠵᠤ ᠥᢉᢈᠦ ᠡᠮᠦᠨᠡ ᠨᠢ ᠢᠷᢉᠡᠳ ᠳᠡᢉᠡᠷᠡᢈᠢ ᠦᠶᠢᠯᠡᠴᠢᠯᠡᢉᠡ ᠶ᠋ᠢ ᠠᠪᠬᠤ ᠶ᠋ᠢᠨ ᠲᠤᠯᠠᠳᠠ ᠰᠢᠰᠲ᠋ᠧᠮ ᠤᠷᠤᠭᠤ ᠨᠡᠪᠲᠡᠷᠡᠨ ᢈᠦᠰᠡᠯᠲᠡ ᠭᠠᠷᠭᠠᠭᠠᠳ ᠲᠣᠳᠤᠷᠬᠠᠢ ᠬᠤᠭᠤᠴᠠᠭᠠᠨ ᠤ᠋ ᠳᠣᠲᠤᠷᠠ ᠬᠠᠷᠢᠭᠤ ᢈᠦᠯᠢᠶᠡᢈᠦ ᠱᠠᠭᠠᠷᠳᠠᠯᠭᠠ ᠲᠠᠢ ᠪᠠᠶᠢᠭᠰᠠᠨ ᠪᠣᠯ ᠣᠳᠤ E-Mongolia ᠰᠢᠰᠲ᠋ᠧᠮ ᠢ᠋ᠶᠡᠷ ᠴᠠᠭ ᠠᠯᠳᠠᠯ ᠦᢉᠡᠢ᠂ ᠰᠢᠭᠤᠳ ᠠᠪᠬᠤ ᠪᠣᠯᠤᠮᠵᠢ ᠲᠠᠢ ᠪᠣᠯᠤᠯᠠ᠃ - ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ᠂ ᢈᠢᠯᠪᠠᠷ ᠪᠠᠶᠢᠳᠠᠯ ᠢ᠋ ᠨᠡᠮᠡᢉᠳᠡᢉᠦᠯᢈᠦ ᠵᠣᠷᠢᠯᠭᠠ ᠪᠠᠷ ᠨᠡᠶᠢᠰᠯᠡᠯ ᠦ᠋ᠨ ᠵᠠᠰᠠᠭ ᠳᠠᠷᠤᠭᠠ ᠶ᠋ᠢᠨ ᠲᠠᠮᠠᠭᠠ ᠶ᠋ᠢᠨ ᠭᠠᠵᠠᠷ ᠲᠠᠢ ᠠᠭᠤᠯᠵᠠᠯᠲᠠ ᠵᠣᢈᠢᠶᠠᠨ ᠪᠠᠶᠢᠭᠤᠯᠤᠯᠠ
“ᠢ-ᠮᠣᠩᠭᠤᠯ ᠠᠻᠠᠳ᠋ᠧᠮᠢ” ᠤᠲᠤᠭ 2025 ᠣᠨ ᠳ᠋ᠤ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭᠠ ᠨᠤᠭᠤᠳ ᠤ᠋ᠨ ᠬᠠᠮᠲᠤ ᠶ᠋ᠢᠨ ᠠᠵᠢᠯᠯᠠᠭᠠ ᠶ᠋ᠢ ᠪᠡᢈᠢᠵᠢᢉᠦᠯᢈᠦ᠂ ᠴᠠᠭᠠᠰᠢᠳᠠ ᠪᠦᠲᠦᢉᠡᢉᠳᠡᢈᠦᠨ ᠦᠢᠯᠡᠴᠢᠯᠡᢉᠡᠨ ᠦ᠋ ᠴᠢᠨᠠᠷ ᠲᠤ ᠠᠩᠬᠠᠷᠬᠤ᠂ ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ᠂ ᢈᠢᠯᠪᠠᠷ ᠪᠠᠶᠢᠳᠠᠯ ᠢ᠋ ᠨᠡᠮᠡᢉᠳᠡᢉᠦᠯᢈᠦ ᠴᠢᢉᠯᠡᠯ ᠢ᠋ᠶᠡᠷ ᠱᠠᠲᠤ ᠳᠠᠷᠠᠭᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ ᠪᠠᠶᠢᠨᠠ᠃ ᠳᠡᢉᠡᠷᠡᢈᠢ ᠴᠢᢉᠯᠡᠯ ᠦ᠋ᠨ ᢈᠦᠷᠢᠶ ᠡᠨ ᠳ᠋ᠦ /2025᠂03᠂26/ ᠨᠡᠶᠢᠰᠯᠡᠯ ᠦ᠋ᠨ ᠵᠠᠰᠠᠭ ᠳᠠᠷᠤᠭᠠ ᠶ᠋ᠢᠨ ᠲᠠᠮᠠᠭᠠ ᠶ᠋ᠢᠨ ᠭᠠᠵᠠᠷ ᠤ᠋ᠨ ᠤᠳᠤᠷᠢᠳᠤᠯᠭᠠ᠂ ᠠᠯᠪᠠ ᠬᠠᠭᠠᠭᠴᠢᠳ ᠲᠠᠢ ᠠᠭᠤᠯᠵᠠᠵᠤ ᠰᠠᠨᠠᠯ ᠰᠣᠯᠢᠯᠴᠠᠯᠠ᠃ ᠢ-ᠮᠣᠩᠭᠣᠯᠢᠶᠠ ᠰᠢᠰᠲ᠋ᠧᠮ ᠳ᠋ᠦ ᠥᠨᠦᠳᠦᠷ ᠦ᠋ᠨ ᠪᠠᠶᠢᠳᠠᠯ ᠢ᠋ᠶᠠᠷ ᠨᠡᠶᠢᠲᠡ 88 ᠪᠠᠶᠢᠭᠤᠯᠤᠯᠭᠠ ᠶ᠋ᠢᠨ 1264 ᠦᠢᠯᠡᠴᠢᠯᠡᢉᠡ ᠨᠡᠪᠲᠡᠷᠡᢉᠰᠡᠨ ᠪᠠᠶᠢᠭᠠ ᠪᠥᢉᠡᠳ ᠡᢉᠦᠨ ᠦ᠋ 14% ᠪᠤᠶᠤ 173 ᠦᠢᠯᠡᠴᠢᠯᠡᢉᠡ ᠶ᠋ᠢ ᠨᠡᠶᠢᠰᠯᠡᠯ ᠦ᠋ᠨ ᠪᠠᠶᠢᠭᠤᠯᠤᠯᠭᠠ ᠨᠤᠭᠤᠳ ᠠ᠋ᠴᠠ ᠣᠯᠭᠠᠳᠠᠭ ᠦᠢᠯᠡᠴᠢᠯᠡᢉᠡ ᠡᠵᠡᠯᠡᠵᠦ ᠪᠠᠶᠢᠨᠠ᠃ ᠲᠤᠰ 173 ᠦᠢᠯᠡᠴᠢᠯᠡᢉᠡ ᠪᠦᢉᠦᠳᠡ 2 ᠱᠠᠲᠤᠯᠠᠯᠲᠠ ᠪᠥᢉᠡᠳ ᠲᠥᠯᠦᠪᠦᠷᠢ ᠲᠡᠢ ᠦᠢᠯᠡᠴᠢᠯᠡᢉᠡ 77᠂ ᠲᠥᠯᠦᠪᠦᠷᠢ ᠦᢉᠡᠢ 96 ᠦᠢᠯᠡᠴᠢᠯᠡᢉᠡ ᠪᠠᠶᠢᠨᠠ᠃ - ᠵᠥᠷᠢᠴᠡᠯ ᠲᠡᠢ ᠸᠧᠪ ᠬᠠᠭᠤᠳᠠᠰᠤ ᠬᠠᠭᠠᠯᠭᠠᠬᠤ ᢈᠦᠰᠡᠯᠲᠡ ᠶ᠋ᠢ E-Mongolia ᠰᠢᠰᠲ᠋ᠧᠮ ᠢ᠋ᠶᠡᠷ ᢈᠦᠯᠢᠶᠡᠨ ᠠᠪᠳᠠᠭ ᠪᠣᠯᠤᠯᠤᠭᠠ
“ᠢ-ᠮᠣᠩᠭᠤᠯ ᠠᠻᠠᠳ᠋ᠧᠮᠢ” ᠤᠲᠤᠭ ᠨᠢ ᠴᠠᢈᠢᠮ ᠰᠢᠯᠵᠢᠯᠲᠡ ᠶ᠋ᠢ ᠳᠡᠮᠵᠢᢈᠦ᠂ ᠴᠠᠭᠳᠠᠭᠠ ᠶ᠋ᠢᠨ ᠪᠠᠶᠢᠭᠤᠯᠤᠯᠭᠠ ᠶ᠋ᠢᠨ ᠦᠶᠢᠯᠡ ᠠᠵᠢᠯᠯᠠᠭᠠᠨ ᠤ᠋ ᠠᠴᠢᠶᠠᠯᠠᠯ ᠢ᠋ ᠪᠠᠭᠤᠷᠠᠭᠤᠯᠵᠤ᠂ ᠢᠷᢉᠡᠳ ᠲᠦ ᢈᠢᠯᠪᠠᠷ᠂ ᠲᠦᠷᢉᠡᠨ ᠰᠢᠭᠤᠷᠬᠠᠢ ᠦᠢᠯᠡᠴᠢᠯᠡᢉᠡ ᠦᠵᠡᢉᠦᠯᢈᠦ ᠪᠣᠯᠤᠮᠵᠢ ᠶ᠋ᠢ ᠨᠡᠮᠡᢉᠳᠡᢉᠦᠯᢈᠦ᠂ ᢉᠡᠮᠲᠦ ᢈᠡᠷᠡᢉ ᠵᠥᠷᠢᠴᠡᠯ ᠡᠴᠡ ᠤᠷᠢᠳᠴᠢᠯᠠᠨ ᠰᠡᠷᢉᠡᠶᠢᠯᠡᢈᠦ ᠠᠵᠢᠯ ᠤ᠋ᠨ ᢈᠦᠷᠢᠶ ᠡᠨ ᠳ᠋ᠦ ᠼᠧᢉ- ᠤ᠋ᠨ ᠡᠷᠡᢉᠦᠦ ᠶ᠋ᠢᠨ ᠴᠠᠭᠳᠠᠭᠠ ᠶ᠋ᠢᠨ ᠠᠯᠪᠠᠨ ᠤ᠋ ᠻᠢᠪᠧᠷ ᢉᠡᠮᠲᠦ ᢈᠡᠷᠡᢉ ᠲᠡᠢ ᠲᠡᠮᠡᠴᠡᢈᠦ ᠭᠠᠵᠠᠷ᠂ ᠬᠠᠷᠢᠯᠴᠠᠭᠠ ᠬᠣᠯᠪᠤᠭᠠᠨ ᠤ᠋ ᠵᠣᢈᠢᠴᠠᠭᠤᠯᠬᠤ ᠬᠣᠷᠢᠶᠠ ᠲᠠᠢ ᠬᠠᠮᠲᠤᠷᠠᠨ ᠵᠥᠷᠢᠴᠡᠯ ᠲᠡᠢ ᠸᠧᠪ ᠬᠠᠭᠤᠳᠠᠰᠤ ᠬᠠᠭᠠᠬᠤ ᢈᠦᠰᠡᠯᠲᠡ ᠶ᠋ᠢ ᠴᠠᢈᠢᠮᠵᠢᠭᠤᠯᠤᠯᠠ᠃ ᠲᠤᠰ ᠦᠢᠯᠡᠴᠢᠯᠡᢉᠡ ᠨᠢ ᠢᠷᢉᠡᠳ ᠡᠴᠡ ᠢᠷᠡᢉᠦᠯᠦᢉᠰᠡᠨ ᠵᠥᠷᠢᠴᠡᠯᠲᠡᠢ ᠴᠠᢈᠢᠮ ᠬᠠᠭᠤᠳᠠᠰᠤᠨ ᠤ᠋ ᠮᠡᠳᠡᢉᠡᠯᠡᠯ ᠢ᠋ ᢈᠦᠯᠢᠶᠡᠨ ᠠᠪᠴᠤ ᠰᠢᠯᠭᠠᠭᠠᠳ ᠵᠥᠷᠢᠴᠡᠯᠲᠡᠢ ᢉᠡᠵᠦ ᠦᠵᠡᠪᠡᠯ ᠬᠠᠭᠠᠬᠤ ᠦᠢᠯᠡᠴᠢᠯᠡᢉᠡ ᠶᠠᠭᠤᠮᠠ᠃ - E-Business ᠰᠢᠰᠲ᠋ᠧᠮ ᠡᠴᠡ ᠬᠠᠤᠯᠢ ᠶ᠋ᠢᠨ ᠡᠲᠡᢉᠡᠳ ᠦᠯᠦ ᢈᠥᠳᠡᠯᢈᠦ ᢈᠥᠷᠦᠩᢉᠡ ᠥᠮᠴᠢᠯᠡᠵᠦ ᠪᠠᠶᠢᠭᠠ ᠪᠣᠯᠤᠨ ᠰᠢᠯᠵᠢᢉᠦᠯᠦᢉᠰᠡᠨ ᠲᠤᠬᠠᠢ ᠯᠠᠪᠯᠠᠭᠠ ᠶ᠋ᠢ ᠠᠪᠬᠤ ᠪᠣᠯᠤᠮᠵᠢ ᠲᠠᠢ ᠪᠣᠯᠤᠯᠤᠭᠠ
“ᠢ-ᠮᠣᠩᠭᠤᠯ ᠠᠻᠠᠳ᠋ᠧᠮᠢ” ᠤᠲᠤᠭ ᠤ᠋ᠨ ᠤᠯᠤᠰ ᠤ᠋ᠨ ᠪᠦᠷᠢᠳᢈᠡᠯ ᠦ᠋ᠨ ᠶᠡᠷᠦᠩᢈᠡᠢ ᠭᠠᠵᠠᠷ ᠤ᠋ᠨ ᠬᠠᠤᠯᠢ ᠶ᠋ᠢᠨ ᠡᠲᠡᢉᠡᠳ ᠦ᠋ᠨ ᠤᠯᠤᠰ ᠤ᠋ᠨ ᠪᠦᠷᠢᠳᢈᠡᠯ ᠦ᠋ᠨ ᠭᠠᠵᠠᠷ ᠲᠠᠢ ᠬᠠᠮᠲᠤᠷᠠᠨ ᠬᠠᠤᠯᠢ ᠶ᠋ᠢᠨ ᠡᠲᠡᢉᠡᠳ ᠦ᠋ᠨ ᠦᠯᠦ ᢈᠥᠳᠡᠯᢈᠦ ᢈᠥᠷᠦᠩᢉᠡ ᠶ᠋ᠢᠨ ᠯᠠᠪᠯᠠᠭᠠ᠂ ᠦᠯᠦ ᢈᠥᠳᠡᠯᢈᠦ ᠡᠳ᠋ ᢈᠥᠷᠦᠩᢉᠡ ᠥᠮᠴᠢᠯᠡᠵᠦ ᠪᠠᠶᠢᠭᠠ ᠪᠣᠯᠤᠨ ᠰᠢᠯᠵᠢᢉᠦᠯᠦᢉᠰᠡᠨ ᠲᠤᠬᠠᠢ ᠯᠠᠪᠯᠠᠭᠠ ᠶ᠋ᠢ ᠢᠷᢉᠡᠳ ᠦ᠋ᠨ ᠰᠠᠨᠠᠯ ᢈᠦᠰᠡᠯᠲᠡ ᠶ᠋ᠢᠨ ᠳᠠᠭᠠᠭᠤ ᢈᠦᠯᠢᠶᠡᠨ ᠠᠪᠴᠤ᠂ ᠰᠢᠶᠢᠳᠪᠦᠷᠢᠯᠡᠨ ᠴᠠᢈᠢᠮᠵᠢᠭᠤᠯᠤᠯᠠ᠃ - E-Mongolia ᠰᠢᠰᠲ᠋ᠧᠮ ᠡᠴᠡ ᠱᠱᢈᠦᢉ- ᠤ᠋ᠨ ᠲᠤᠰᠬᠠᠢ ᠠᠷᢈᠢᠸ ᠤ᠋ᠨ ᠯᠠᠪᠯᠠᠭᠠ᠂ ᠲᠣᠳᠤᠷᠬᠠᠶᠢᠯᠠᠯᠲᠠ᠂ ᠲᠤᠰᠢᠶᠠᠯ ᠤ᠋ᠨ ᠬᠠᠭᠤᠯᠪᠤᠷᠢ ᠶ᠋ᠢ ᠠᠪᠬᠤ ᠪᠣᠯᠤᠮᠵᠢ ᠲᠠᠢ ᠪᠣᠯᠤᠯᠠ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ ᠢ᠋ᠶᠡᠷ /E-Mongolia/ ᠳᠠᠮᠵᠢᠭᠤᠯᠤᠨ ᠠᠪᠴᠤ ᠪᠤᠢ ᠰᠢᠢᠳᠪᠦᠷᠢ ᢉᠦᠢᠴᠡᠳᢈᠡᢈᠦ ᠠᠵᠢᠯᠯᠠᠭᠠᠨ ᠤ᠋ ᠮᠡᠳᠡᢉᠡᠯᠡᠯ ᠦ᠋ᠨ ᠴᠠᢈᠢᠮᠵᠢᠯᠲᠠ ᠶ᠋ᠢ ᠰᠠᠶᠢᠵᠢᠷᠠᠭᠤᠯᠤᠨ᠂ ᠰᠢᠰᠲ᠋ᠧᠮ ᠢ᠋ ᢈᠥᢉᠵᠢᢉᠦᠯᢈᠦ ᠳ᠋ᠦ ᠬᠠᠮᠲᠤᠷᠠᠨ ᠠᠵᠢᠯᠯᠠᠬᠤ ᠵᠣᠷᠢᠯᠲᠠ ᠶ᠋ᠢᠨ ᢈᠦᠷᠢᠶ ᠡᠨ ᠳ᠋ᠦ ᠱᠱᢈᠦᢉ- ᠤ᠋ᠨ ᠲᠤᠰᠬᠠᠢ ᠠᠷᢈᠢᠸ-ᠯᠠᠪᠯᠠᠭᠠ᠂ ᠲᠤᠰᠬᠠᠢ ᠠᠷᢈᠢᠸ-ᠲᠣᠳᠤᠷᠬᠠᠶᠢᠯᠠᠯᠲᠠ᠂ ᠲᠤᠰᠢᠶᠠᠯ ᠤ᠋ᠨ ᠬᠠᠭᠤᠯᠪᠤᠷᠢ ᠠᠪᠬᠤ ᠦᠶᠢᠯᠡᠴᠢᠯᠡᢉᠡ ᠨᠦ᠋ᢉᠦᠳ ᠢ᠋ ᠴᠠᢈᠢᠮᠵᠢᠭᠤᠯᠤᠯᠠ᠃
- ᠭᠠᠳᠠᠭᠠᠳᠤ ᠪᠠᠭᠰᠢ᠂ ᠮᠡᠷᢉᠡᠵᠢᠯᠲᠡᠨ ᠮᠣᠩᠭᠣᠯ ᠤᠯᠤᠰ ᠲᠤ ᢈᠥᠳᠡᠯᠮᠦᠷᠢ ᠡᠷᢈᠢᠯᠡᢈᠦ᠂ ᠣᠷᠤᠰᠢᠨ ᠰᠠᠭᠤᠬᠤ ᠶ᠋ᠢ ᠳᠡᠮᠵᠢᢈᠦ ᠪᠢᠴᠢᢉ ᠠᠪᠬᠤ ᢈᠦᠰᠡᠯᠲᠡ ᠶ᠋ᠢ E-Business ᠰᠢᠰᠲ᠋ᠧᠮ ᠡᠴᠡ ᠠᠪᠬᠤ ᠪᠣᠯᠤᠮᠵᠢᠲᠠᠢ ᠪᠣᠯᠤᠯ ᠢ᠋ᠶᠠᠨ ᠪᠣᠯᠪᠠᠰᠤᠷᠠᠯ ᠤ᠋ᠨ ᠰᠤᠷᠭᠠᠯᠲᠠ ᠶ᠋ᠢᠨ ᠪᠠᠶᠢᠭᠤᠯᠤᠯᠭᠠ ᠨᠤᠭᠤᠳ ᠭᠠᠳᠠᠭᠠᠳᠤ ᠶ᠋ᠢᠨ ᠢᠷᢉᠡᠨ ᠢ᠋ ᠪᠠᠭᠰᠢ ᠪᠠᠷ ᠠᠵᠢᠯᠯᠠᠭᠤᠯᠬᠤ ᠳ᠋ᠤ ᠳᠡᠮᠵᠢᠯᢉᠡ ᠦᠵᠡᢉᠦᠯᢈᠦ᠂ᠪᠢᠴᠢᢉ ᠢ᠋ “ᠢ-ᠮᠣᠩᠭᠤᠯ ᠠᠻᠠᠳ᠋ᠧᠮᠢ” ᠤᠲᠤᠭ᠂ ᠪᠣᠯᠪᠠᠰᠤᠷᠠᠯ ᠤ᠋ᠨ ᠶᠠᠮᠤᠨ ᠲᠠᠢ ᠬᠠᠮᠲᠤᠷᠠᠨ ᠴᠠᢈᠢᠮᠵᠢᠭᠤᠯᠵᠤ E-Business ᠰᠢᠰᠲ᠋ᠧᠮ ᠡᠴᠡ ᠠᠪᠬᠤ ᠪᠣᠯᠤᠮᠵᠢ ᠶ᠋ᠢ ᠪᠦᠷᠢᠳᠦᢉᠦᠯᠦᠯᠡ᠃ ᠳᠡᢉᠡᠷᠡᢈᠢ ᠦᠢᠯᠡᠴᠢᠯᠡᢉᠡ ᠨᠢ ᠶᠠᠮᠪᠠᠷ ᠨᠢᢉᠡᠨ ᠰᠤᠷᠭᠠᠯᠲᠠ ᠶ᠋ᠢᠨ ᠪᠠᠶᠢᠭᠤᠯᠤᠯᠭᠠ ᠪᠤᠶᠤ ᠬᠠᠤᠯᠢ ᠶ᠋ᠢᠨ ᠡᠲᠡᢉᠡᠳ ᠨᠢ ᠲᠤᠬᠠᠢ ᠶ᠋ᠢᠨ ᠪᠠᠶᠢᠭᠤᠯᠤᠯᠭᠠ ᠳ᠋ᠤ ᠪᠠᠨ ᠠᠵᠢᠯᠯᠠᠭᠤᠯᠬᠤ ᠢᠷᢉᠡᠨ ᠳ᠋ᠦ ᠸᠢᠰᠠ ᠳ᠋ᠤ ᠣᠷᠤᠬᠤ ᠳ᠋ᠤ ᠨᠢ ᠵᠣᠷᠢᠭᠤᠯᠤᠨ ᠥᠪᠡᠷ ᠦ᠋ᠨ ᠪᠠᠶᠢᠭᠤᠯᠤᠯᠭᠠ ᠳ᠋ᠤ ᠪᠠᠨ ᠠᠵᠢᠯᠯᠠᠨᠠ ᢉᠡᠳᠡᢉ ᠢ᠋ ᠨᠣᠲᠠᠯᠠᠬᠤ ᠪᠠᠷᠢᠮᠲᠠ ᠪᠢᠴᠢᢉ ᠶᠤᠮ᠃
- “ᠢ-ᠮᠣᠩᠭᠤᠯ ᠠᠻᠠᠳ᠋ᠧᠮᠢ” ᠤᠲᠤᠭ᠂ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠲᠠᠢ ᠬᠠᠮᠲᠤᠷᠠᠨ ᠠᠵᠢᠯᠯᠠᠨᠠ
“ᠢ-ᠮᠣᠩᠭᠤᠯ ᠠᠻᠠᠳ᠋ᠧᠮᠢ” ᠤᠲᠤᠭ᠂ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠤ᠋ᠨ ᠤᠳᠤᠷᠢᠳᠤᠯᠭᠠ᠂ ᠠᠯᠪᠠᠨ ᠬᠠᠭᠠᠭᠴᠢ ᠳ᠋ᠤ 2025᠂03᠂27 ᠡᠳᠦᠷ ᠴᠠᠭᠠᠰᠢᠳᠠ ᠬᠠᠮᠲᠤᠷᠠᠨ ᠠᠵᠢᠯᠯᠠᠬᠤ ᠠᠭᠤᠯᠵᠠᠯᠲᠠ ᠵᠣᢈᠢᠶᠠᠨ ᠪᠠᠶᠢᠭᠤᠯᠤᠯᠠ᠃ ᠠᠭᠤᠯᠵᠠᠯᠲᠠ ᠪᠠᠷ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠶᠡ-ᠮᠣᠩᠭᠣᠯᠢᠶᠠ ᠰᠢᠰᠲ᠋ᠧᠮ ᠳ᠋ᠦ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠠ᠋ᠴᠠ ᠣᠯᠭᠤᠳᠠᠭ ᠦᠢᠯᠡᠴᠢᠯᠡᢉᠡ ᠶ᠋ᠢ ᠨᠡᠪᠲᠡᠷᠡᢉᠦᠯᢈᠦ᠂ ᠠᠯᠪᠠ ᠬᠠᠭᠠᠭᠴᠢᠳ ᠤ᠋ᠨ ᠴᠠᢈᠢᠮ ᠤᠷᠠ ᠴᠢᠳᠠᠪᠤᠷᠢ ᠶ᠋ᠢ ᠳᠡᢉᠡᢉᠰᠢᠯᠡᢉᠦᠯᢈᠦ᠂ ᠮᠡᠳᠡᢉᠡᠯᠡᠯ ᠦ᠋ᠨ ᠲᠧᠻᠨᠣᠯᠣᢉᠢ ᠶ᠋ᠢᠨ ᢈᠦᠮᠦᠨ ᠦ᠋ ᠨᠥᢉᠡᠴᠡ ᠶ᠋ᠢ ᠴᠢᠳᠠᠪᢈᠢᠵᠢᠭᠤᠯᠬᠤ ᠵᠣᠷᠢᠯᠭᠠ ᠪᠠᠷ ᠰᠤᠷᠭᠠᠯᠲᠠ᠂ ᠣᠯᠠᠨ ᠤᠯᠤᠰ ᠤ᠋ᠨ ᢈᠥᠲᠦᠯᠪᠦᠷᠢ ᠳ᠋ᠦ ᠬᠠᠮᠤᠷᠤᠭᠤᠯᠬᠤ᠂ ᠴᠠᠭᠠᠰᠢᠳᠠ ᠬᠣᠶᠠᠷ ᠲᠠᠯᠠ ᠴᠠᢈᠢᠮ ᠰᠢᠯᠵᠢᠯᠲᠡ ᠲᠡᠢ ᠬᠣᠯᠪᠤᠭᠠᠲᠠᠢ ᠰᠢᠨᠡ ᠪᠣᠯᠤᠮᠵᠢ ᠨᠤᠭᠤᠳ ᠢ᠋ ᠨᠡᢉᠡᢉᠡᠵᠦ᠂ ᠰᠤᠳᠤᠯᠭᠠ ᠰᠢᠨᠵᠢᠯᠡᢉᠡ᠂ ᢈᠥᢉᠵᠢᢉᠦᠯᠦᠯᠲᠡ ᠶ᠋ᠢᠨ ᠲᠠᠯᠠᠭᠠᠷ ᠬᠠᠮᠲᠤ ᠶ᠋ᠢᠨ ᠠᠵᠢᠯᠯᠠᠭᠠ ᠪᠠᠨ ᠥᠷᢉᠡᠵᠢᢉᠦᠯᠦᠨ ᠠᠵᠢᠯᠯᠠᠬᠤ ᠪᠠᠷ ᠪᠣᠯᠤᠯᠠ᠃
7 ᠬᠣᠨᠤᠭ ᠤ᠋ᠨ ᠲᠣᠶᠢᠮᠤ

ᠨᠡᠶᠢᠲᠡᠯᠡᠭᠰᠡᠨ᠄