ᢈᠢᠯᠢ ᠶ᠋ᠢᠨ ᠴᠢᠨᠠᠳᠤ ᠳ᠋ᠤ ᠣᠷᠤᠰᠢᠨ ᠰᠠᠭᠤᠭ᠎ᠠ ᠮᠣᠩᠭᠣᠯ ᠤᠯᠤᠰ ᠤ᠋ᠨ ᠢᠷᢉᠡᠳ ᠲᠦ ᠲᠥᠷᠦ ᠶ᠋ᠢᠨ ᠦᠢᠯᠡᠴᠢᠯᠡᢉᠡ ᠶ᠋ᠢ ᠠᠪᠬᠤ ᠳ᠋ᠤ ᠢᠯᠡᢉᠦᠦ ᢈᠢᠯᠪᠠᠷᠰᠢᠭᠤᠯᠵᠤ᠂ ᢈᠦᠷᠲᠡᢉᠡᠮᠵᠢ ᠶ᠋ᠢ ᠨᠡᠮᠡᢉᠳᠡᢉᠦᠯᠦᠨ᠎ᠡ


ᠦᠨᠳᠦᠰᠦᠨ ᠦ᠋ ᠰᠲ᠋ᠠᠲ᠋ᠢᠰᠲ᠋ᠢᠭ ᠤ᠋ᠨ ᠬᠣᠷᠢᠶ᠎ᠠ ᠪᠣᠯᠤᠨ ᠨᠦᠪ- ᠤ᠋ᠨ ᠰᠢᠯᠵᠢᠯᠲᠡ ᢈᠥᠳᠡᠯᢉᠡᢉᠡᠨ ᠦ᠋ ᠪᠠᠶᠢᠭᠤᠯᠤᠯᠭ᠎ᠠ ᠶ᠋ᠢᠨ ᠬᠠᠮᠲᠤᠷᠠᠨ ᢈᠢᢉᠰᠡᠨ ᠰᠤᠳᠤᠯᠭ᠎ᠠ ᠪᠠᠷ ᢈᠦᠮᠦᠨ ᠠᠮᠠ᠂ ᠣᠷᠤᠨ ᠰᠠᠭᠤᠴᠠᠨ ᠤ᠋ ᠲᠣᠭᠠᠯᠠᠯᠭ᠎ᠠ ᠪᠠᠷ ᠭᠠᠳᠠᠭᠠᠳᠤ ᠳ᠋ᠤ ᠲᠣᠭᠠᠯᠠᠭᠳᠠᠭᠰᠠᠨ ᠢᠷᢉᠡᠳ ᠦ᠋ᠨ ᠲᠣᠭ᠎ᠠ ᠒᠐᠒᠔ ᠣᠨ ᠤ᠋ ᠪᠠᠶᠢᠳᠠᠯ ᠢ᠋ᠶᠠᠷ ᠑᠘᠗᠂᠐᠐᠐ ᠮᠢᠩᠭᠠᠨ ᠢᠷᢉᠡᠨ ᠪᠠᠶᠢᠨ᠎ᠠ ᢉᠡᠰᠡᠨ ᠰᠤᠳᠤᠯᠭ᠎ᠠ ᠭᠠᠷᠤᠭᠰᠠᠨ᠃  ᠲᠡᢉᠡᠪᠡᠯ ᠡᠳᠡᢉᠡᠷ ᠢᠷᢉᠡᠳ ᠦ᠋ᠨ ᠬᠤᠪᠢ ᠳ᠋ᠤ ᠲᠥᠷᠦ ᠶ᠋ᠢᠨ ᠦᠶᠢᠯᠡᠴᠢᠯᠡᢉᠡ ᠶ᠋ᠢ ᠴᠠᢈᠢᠮ ᠢ᠋ᠶᠠᠷ ᠠᠪᠬᠤ ᢈᠡᠷᠡᢉᠴᠡᢉᠡ ᠱᠠᠭᠠᠷᠳᠠᠯᠭ᠎ᠠ ᠪᠠᠭ᠎ᠠ ᠦᢉᠡᠢ ᠲᠤᠯᠭᠠᠷᠠᠳᠠᠭ ᢈᠡᠳᠦᠢ ᠴᠤ ᠬᠠᠷᠠᠬᠠᠨ ᠢ-ᠮᠣᠩᠭᠣᠯᠢᠶ᠎ᠠ ᠰᠢᠰᠲ᠋ᠧᠮ ᠳ᠋ᠦ ᠪᠦᠷᠢᠳᢈᠡᠯ ᠦᢉᠡᠢ ᠤᠴᠢᠷ ᠲᠥᠷᠦ ᠶ᠋ᠢᠨ ᠦᠢᠯᠡᠴᠢᠯᠡᢉᠡ ᠶ᠋ᠢ ᠠᠪᠬᠤ ᠪᠣᠯᠤᠮᠵᠢ ᠦᢉᠡᠢ ᠠᠰᠠᠭᠤᠳᠠᠯ ᠤ᠋ᠳ ᠲᠤᠯᠭᠠᠷᠠᠭᠠᠳ ᠪᠠᠶᠢᠭ᠎ᠠ ᠶᠤᠮ᠃  ᢈᠢᠯᠢ ᠶ᠋ᠢᠨ ᠴᠢᠨᠠᠳᠤ ᠳ᠋ᠤ ᠣᠷᠤᠰᠢᠨ ᠰᠠᠭᠤᠭ᠎ᠠ ᠮᠣᠩᠭᠣᠯ ᠤᠯᠤᠰ ᠤ᠋ᠨ ᠢᠷᢉᠡᠳ ᠲᠦ ᠤᠴᠠᠷᠠᠳᠠᠭ ᠲᠥᠷᠦ ᠶ᠋ᠢᠨ ᠦᠢᠯᠡᠴᠢᠯᠡᢉᠡ ᠶ᠋ᠢ ᠠᠪᠬᠤ ᠳ᠋ᠤ ᠳᠣᠲᠤᠭᠠᠳᠤ ᠶ᠋ᠢᠨ ᠡᢉᠦᠷ ᠦ᠋ᠨ ᠬᠣᠯᠪᠤᠭᠠᠨ ᠤ᠋ ᠦᠢᠯᠡᠴᠢᠯᠡᢉᠡᠨ ᠦ᠋ ᢈᠡᠷᠡᢉᠯᠡᢉᠴᠢ ᠶ᠋ᠢᠨ ᠳ᠋ᠤᠭᠠᠷ ᠦᢉᠡᠢ ᠪᠠᠶᠢᠬᠤ ᢈᠦᠨᠳᠦᠷᠡᠯ ᠢ᠋ ᠰᠢᠢᠳᠪᠦᠷᠢᠯᠡᢈᠦ᠂ LIME ᠠᠫᠫᠯᠢᠻᠧᠶᠢᠱᠢᠨ᠋ ᠪᠣᠯᠤᠨ ᠲᠡᢉᠦᠨ ᠦ᠋ ᠣᠨ᠋ᠯᠠᠶᠢᠨ᠋ ᠤᠲᠠᠰᠤᠨ ᠤ᠋ ᠳ᠋ᠤᠭᠠᠷ᠂ ᠬᠣᠯᠪᠤᠭᠳᠠᠬᠤ ᠦᠢᠯᠡᠴᠢᠯᠡᢉᠡ ᠶ᠋ᠢ ᠠᠰᠢᠭᠯᠠᠨ ᢈᠢᠯᠢ ᠶ᠋ᠢᠨ ᠴᠢᠨᠠᠳᠤ ᠳ᠋ᠤ ᠣᠷᠤᠰᠢᠨ ᠰᠠᠭᠤᠭ᠎ᠠ ᠮᠣᠩᠭᠣᠯ ᠤᠯᠤᠰ ᠤ᠋ᠨ ᠢᠷᢉᠡᠳ ᠲᠦ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ (E-Mongolia)-ᠡᠶᠢᠨ ᠦᠢᠯᠡᠴᠢᠯᠡᢉᠡ ᠶ᠋ᠢ ᠢᠯᠡᢉᠦᠦ ᢈᠢᠯᠪᠠᠷᠰᠢᠭᠤᠯᠬᠤ᠂ ᢈᠦᠷᠲᠡᢉᠡᠮᠵᠢ ᠶ᠋ᠢ ᠨᠡᠮᠡᢉᠳᠡᢉᠦᠯᢈᠦ᠂ ᠲᠥᠷᠦ ᠶ᠋ᠢᠨ ᠦᠢᠯᠡᠴᠢᠯᠡᢉᠡ ᠠᠪᠬᠤ ᠳ᠋ᠤ ᠲᠤᠯᠭᠠᠮᠳᠠᠭᠠᠳ ᠪᠠᠶᠢᠭ᠎ᠠ ᠠᠰᠠᠭᠤᠳᠠᠯ ᠢ᠋ ᠰᠢᠶᠢᠳᠪᠦᠷᠢᠯᠡᢈᠦ ᠳ᠋ᠦ ᠳᠡᠮᠵᠢᠯᢉᠡ ᠦᠵᠡᢉᠦᠯᢈᠦ ᠵᠣᠷᠢᠯᠭ᠎ᠠ ᠪᠠᠷ “ᠢ-ᠮᠣᠩᠭᠤᠯ ᠠᠻᠠᠳ᠋ᠧᠮᠢ” ᠤᠲᠤᠭ ᠪᠣᠯᠤᠨ “ᠣᠨᠯᠠᠶᠢᠮ᠎ᠠ ᠨᠧᠲ᠋ᠸᠤᠷᠻ” ᢈᠥᢈᠢ ᠥᠨᠦᠳᠦᠷ /᠒᠐᠒᠕᠂᠐᠔᠂᠑᠘/ ᠬᠠᠮᠲᠤᠷᠠᠨ ᠠᠵᠢᠯᠯᠠᠬᠤ ᢉᠡᠷ᠎ᠡ ᠪᠠᠶᠢᠭᠤᠯᠤᠯ᠎ᠠ᠃  ᠬᠠᠮᠲᠤᠷᠠᠨ ᠠᠵᠢᠯᠯᠠᠬᠤ ᢉᠡᠷ᠎ᠡ ᠳ᠋ᠦ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ‍᠂ ᠮᠢᠭᠮᠠᠷᠨᠠᠷᠠᠨ᠂ “ᠣᠨᠯᠠᠶᠢᠮ᠎ᠠ ᠨᠧᠲ᠋ᠸᠤᠷᠻ” ᢈᠥᢈᠡ-ᠡᠶᠢᠨ ᠵᠠᢈᠢᠷᠤᠯ ᠭᠠ‍᠂ᠲᠤᠯᠭ᠎ᠠ ᠨᠠᠷ ᠭᠠᠷ ᠤ᠋ᠨ ᠦᠰᠦᢉ ᠵᠢᠷᠤᠯ᠎ᠠ᠃ ᠴᠠᠭᠠᠰᠢᠳᠠ ᢈᠢᠯᠢ ᠶ᠋ᠢᠨ ᠴᠢᠨᠠᠳᠤ ᠳ᠋ᠤ ᠣᠷᠤᠰᠢᠨ ᠰᠠᠭᠤᠭ᠎ᠠ ᠮᠣᠩᠭᠣᠯ ᠤᠯᠤᠰ ᠤ᠋ᠨ ᠢᠷᢉᠡᠳ ᠦ᠋ᠨ ᢈᠡᠷᠡᢉᠴᠡᢉᠡ ᠱᠠᠭᠠᠷᠳᠠᠯᠭ᠎ᠠ ᠳ᠋ᠤ ᠨᠡᠶᠢᠴᠡᢉᠰᠡᠨ ᢈᠦᠷᠲᠡᢉᠡᠮᠵᠢᠲᠡᠢ ᠪᠠᠶᠢᠳᠠᠯ ᠢ᠋ ᠨᠡᠮᠡᢉᠳᠡᢉᠦᠯᢈᠦ ᠡᠴᠡ ᠭᠠᠳᠠᠨ᠎ᠠ ᠳᠠᠷᠠᠭ᠎ᠠ ᠳᠠᠷᠠᠭ᠎ᠠ ᠶ᠋ᠢᠨ ᠤᠳᠠᠭ᠎ᠠ ᠳ᠋ᠤ ᠮᠣᠩᠭᠣᠯ ᠤᠯᠤᠰ ᠤ᠋ᠨ ᠢᠷᢉᠡᠳ ᠢ᠋ ᠭᠠᠳᠠᠭᠠᠳᠤ ᠤᠯᠤᠰ ᠤᠷᠤᠭᠤ ᠵᠣᠷᠴᠢᠬᠤ ᠠ᠋ᠴᠠ ᠨᠢ ᠡᠮᠦᠨ᠎ᠡ ᠡᠨᠡ ᠲᠠᠯ᠎ᠠ ᠶ᠋ᠢᠨ ᠮᠡᠳᠡᠯᢉᠡ ᠮᠡᠳᠡᢉᠡᠯᠡᠯ ᠢ᠋ᠶᠡᠷ ᠬᠠᠩᠭᠠᠵᠤ ᠠᠵᠢᠯᠯᠠᠬᠤ ᠠᠵᠢᠯ ᠢ᠋ ᠱᠠᠲᠤ ᠳᠠᠷᠠᠭ᠎ᠠ ᠲᠠᠢ ᠵᠣᢈᠢᠶᠠᠨ ᠪᠠᠶᠢᠭᠤᠯᠤᠨ᠎ᠠ ᢉᠡᠳᠡᢉ ᠢ᠋ ᠣᠨᠴᠠᠯᠠᠭᠰᠠᠨ ᠶᠤᠮ᠃

ᠨᠡᠶᠢᠲᠡᠯᠡᠭᠰᠡᠨ᠄