“ᠲᠥᠷᠦ ᠶ᠋ᠢᠨ ᠴᠠᢈᠢᠮ ᠦᠶᠢᠯᠡᠴᠢᠯᠡᢉᠡᠨ ᠦ᠋ ᠰᠢᠨ᠎ᠡ ᠠᠮᠵᠢᠯᠲᠠ: ᠒ ᠰᠠᠶᠢ ᢈᠡᠷᠡᢉᠯᠡᢉᠴᠢ”


ᠮᠣᠩᠭᠣᠯ ᠤᠯᠤᠰ ᠤ᠋ᠨ ᠵᠠᠰᠠᠭ ᠤ᠋ᠨ ᠭᠠᠵᠠᠷ ᠠ᠋ᠴᠠ ᠒᠐᠑᠙ ᠣᠨ ᠳ᠋ᠤ ᠰᠠᠨᠠᠭᠠᠴᠢᠯᠠᠨ ᢈᠡᠷᠡᢉᠵᠢᢉᠦᠯᠵᠦ ᠡᢈᠢᠯᠡᢉᠰᠡᠨ ᠤᠭ ᠰᠢᠰᠲ᠋ᠧᠮ ᠢ᠋ ᠒᠐᠒᠐ ᠣᠨ ᠤ᠋ ᠑᠐ ᠳ᠋ᠤᠭᠠᠷ ᠰᠠᠷ᠎ᠠ ᠶ᠋ᠢᠨ ᠑-ᠨᠢ ᠡᠳᠦᠷ ᠠᠯᠪᠠᠨ ᠶᠣᠰᠤᠭᠠᠷ ᠨᠡᢉᠡᢉᠡᠵᠦ᠂ ᠡᢈᠢᠨ ᠦ᠋ ᠦᠶ᠎ᠡ ᠳ᠋ᠦ ᠪᠡᠨ ᠒᠓ ᠪᠠᠶᠢᠭᠤᠯᠤᠯᠭ᠎ᠠ ᠶ᠋ᠢᠨ ᠑᠘᠑ ᠲᠥᠷᠦᠯ ᠦ᠋ᠨ ᠦᠶᠢᠯᠡᠴᠢᠯᠡᢉᠡ ᠶ᠋ᠢ ᠨᠢᢉᠡᠳᢈᠡᠨ ᠣᠯᠠᠨ ᠨᠡᠶᠢᠲᠡ ᠳ᠋ᠦ ᠲᠠᠨᠢᠯᠴᠠᠭᠤᠯᠵᠤ ᠪᠠᠶᠢᠭᠰᠠᠨ᠃  ᠥᠨᠦᠳᠦᠷ “E-Mongolia” ᠨᠢ ᠮᠣᠩᠭᠣᠯ ᠤ᠋ᠨ ᠬᠠᠮᠤᠭ ᠤ᠋ᠨ ᠣᠯᠠᠨ ᢈᠡᠷᠡᢉᠯᠡᢉᠴᠢ ᠲᠡᠢ ᠭᠠᠷ ᠤᠲᠠᠰᠤᠨ ᠤ᠋ ᠠᠫᠫᠯᠢᠻᠧᠶᠢᠱᠢᠨ᠋ ᠪᠣᠯᠤᠨ᠂ ᠬᠠᠮᠤᠭ ᠤ᠋ᠨ ᠣᠯᠠᠨ ᠲᠥᠷᠦ ᠶ᠋ᠢᠨ ᠦᠢᠯᠡᠴᠢᠯᠡᢉᠡ ᠶ᠋ᠢ ᠨᠢᢉᠡᠳᢈᠡᢉᠰᠡᠨ᠂ ᠦᠨᠳᠦᠰᠦᠨ ᠦ᠋ ᢈᠡᠮᠵᠢᠶᠡᠨ ᠦ᠋ ᠥᠷᢉᠡᠨ ᢈᠦᠷᠢᠶ᠎ᠡ ᠲᠡᠢ ᠴᠠᢈᠢᠮ ᠦᠢᠯᠡᠴᠢᠯᠡᢉᠡᠨ ᠦ᠋ ᠨᠢᢉᠡᠳᠦᢉᠰᠡᠨ ᠫᠯᠠᠲ᠋ᠹᠤᠷᠮ ᠪᠣᠯᠤᠨ ᠠᠮᠵᠢᠯᠲᠠᠲᠠᠢ ᢈᠥᢉᠵᠢᠵᠦ ᠪᠠᠶᠢᠨ᠎ᠠ᠃

ᠲᠥᠷᠦ ᠶ᠋ᠢᠨ ᠴᠠᢈᠢᠮ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ ᠪᠣᠯᠬᠤ “E-Mongolia” ᠨᠢ ᠥᠨᠦᠳᠦᠷ ᠦ᠋ᠨ ᠪᠠᠶᠢᠳᠠᠯ ᠢ᠋ᠶᠠᠷ (᠒᠐᠒᠕᠂᠐᠔᠂᠒᠔) ᠨᠡᠶᠢᠲᠡ ᠒ ᠰᠠᠶ᠋ᠢ ᢈᠡᠷᠡᢉᠯᠡᢉᠴᠢ ᠲᠡᠢ ᠪᠣᠯᠵᠤ᠂ ᠮᠣᠩᠭᠣᠯ ᠤᠯᠤᠰ ᠤ᠋ᠨ ᠨᠠᠰᠤᠨ ᠳ᠋ᠤ ᢈᠦᠷᠦᢉᠰᠡᠨ ᠢᠷᢉᠡᠳ ᠦ᠋ᠨ ᠘᠘ ᠣᠷᠴᠢᠮ ᠬᠤᠪᠢ ᠶ᠋ᠢ ᠬᠠᠮᠤᠷᠴᠤ ᠪᠠᠶᠢᠨ᠎ᠠ᠃  ᠲᠤᠰ ᠰᠢᠰᠲ᠋ᠧᠮ ᠨᠢ ᠘᠘ ᠪᠠᠶᠢᠭᠤᠯᠤᠯᠭ᠎ᠠ ᠶ᠋ᠢᠨ ᠑᠂᠒᠖᠔ ᠲᠥᠷᠦᠯ ᠦ᠋ᠨ ᠦᠢᠯᠡᠴᠢᠯᠡᢉᠡ ᠶ᠋ᠢ ᠴᠠᢈᠢᠮ ᠢ᠋ᠶᠠᠷ ᢈᠦᠷᢉᠡᠵᠦ ᠪᠠᠶᠢᠭ᠎ᠠ ᠪᠥᢉᠡᠳ ᠢᠷᢉᠡᠳ ᠲᠥᠷᠦ ᠶ᠋ᠢᠨ ᠦᠢᠯᠡᠴᠢᠯᠡᢉᠡ ᠶ᠋ᠢ ᠰᠢᠭᠤᠷᠬᠠᠢ᠂ ᢈᠦᠷᠲᠡᢉᠡᠮᠵᠢ ᠲᠡᠢ ᠠᠪᠬᠤ ᠨᠥᢈᠦᠴᠡᠯ ᠢ᠋ ᠪᠦᠷᠢᠳᠦᢉᠦᠯᠵᠡᠢ᠃  E-Mongolia ᠰᠢᠰᠲ᠋ᠧᠮ ᠢ᠋ᠶᠡᠷ ᠨᠡᠶᠢᠲᠡ ᠗᠙ ᠰᠠᠶ᠋ᠢ ᠤᠳᠠᠭ᠎ᠠ ᠶ᠋ᠢᠨ ᠦᠢᠯᠡᠴᠢᠯᠡᢉᠡ ᠶ᠋ᠢ ᠴᠠᢈᠢᠮ ᠢ᠋ᠶᠠᠷ ᠠᠮᠵᠢᠯᠲᠠᠲᠠᠢ ᢈᠦᠷᢉᠡᠵᠦ᠂ ᠴᠠᢈᠢᠮ ᠵᠠᠰᠠᠭᠯᠠᠯ ᠤ᠋ᠨ ᢈᠥᢉᠵᠢᠯ ᠪᠣᠳᠠᠲᠤ ᠦᠷ᠎ᠡ ᠳ᠋ᠦᠩ ᠢ᠋ᠶᠡᠨ ᠥᢉᠴᠦ᠂ ᠲᠥᠷᠦ ᠶ᠋ᠢᠨ ᠦᠢᠯᠡᠴᠢᠯᠡᢉᠡ ᠢᠷᢉᠡᠳ ᠦ᠋ᠨ ᠡᠳᠦᠷ ᠲᠤᠲᠤᠮ ᠤ᠋ᠨ ᠠᠮᠢᠳᠤᠷᠠᠯ ᠳ᠋ᠤ ᠪᠦᠷᠢᠨ ᠨᠡᠪᠲᠡᠷᠡᢉᠰᠡᠨ ᠢ᠋ ᠢᠯᠡᠳᢈᠡᠵᠦ ᠪᠠᠶᠢᠨ᠎ᠠ᠃  ᠴᠠᢈᠢᠮ ᠰᠢᠯᠵᠢᠯᠲᠡ ᠶ᠋ᠢᠨ ᠦᠷ᠎ᠡ ᠳ᠋ᠦᠩ ᠳ᠋ᠦ ᠒᠐᠒᠕ ᠣᠨ ᠤ᠋ ᠪᠠᠶᠢᠳᠠᠯ ᠢ᠋ᠶᠠᠷ ᠨᠡᠶᠢᠲᠡ ᠑᠂᠔ ᠶᠡᢈᠡ ᠨᠠᠶᠤᠳ ᠲᠥᢉᠦᠷᠢᢉ ᠦ᠋ᠨ ᠵᠠᠷᠤᠳᠠᠯ ᢈᠡᠮᠨᠡᢉᠰᠡᠨ ᠨᠢ ᠴᠠᢈᠢᠮ ᠵᠠᠰᠠᠭᠯᠠᠯ ᠡᠳ᠋ ᠦ᠋ᠨ ᠵᠠᠰᠠᠭ ᠲᠤ ᠦᠵᠡᢉᠦᠯᠵᠦ ᠪᠤᠢ ᠦᠷ᠎ᠡ ᠥᢉᢉᠦᢉᠡᠵᠢ ᠶ᠋ᠢᠨ ᠪᠣᠳᠠᠲᠤ ᠢᠯᠡᠷᠡᠯ ᠪᠣᠯᠤᠭᠰᠠᠨ᠃

ᠮᠥᠨ ᠨᠦᠪ- ᠠ᠋ᠴᠠ ᠒ ᠵᠢᠯ ᠲᠤᠲᠤᠮ ᠳ᠋ᠤ ᠨᠢᢉᠡ ᠤᠳᠠᠭ᠎ᠠ ᠭᠠᠷᠭᠠᠳᠠᠭ ᠴᠠᢈᠢᠮ ᠵᠠᠰᠠᠭᠯᠠᠯ ᠤ᠋ᠨ ᠢᠨ᠋ᠳᠧᠻᠰ ᠢ᠋ᠶᠡᠷ ᠑᠙᠓ ᠣᠷᠤᠨ ᠠ᠋ᠴᠠ ᠔᠖ ᠳ᠋ᠤᠭᠠᠷ ᠪᠠᠶᠢᠷᠢ ᠳ᠋ᠤ᠂ ᠠᠽᠢ ᠲᠢᠢᠪ ᠲᠦ ᠑᠓ ᠳ᠋ᠤᠭᠠᠷ ᠪᠠᠶᠢᠷᠢ ᠳ᠋ᠤ ᠡᠷᠢᠮᠪᠡᠯᠡᢉᠳᠡᢉᠰᠡᠨ ᠨᠢ ᠲᠥᠷᠦ ᠶ᠋ᠢᠨ ᠦᠢᠯᠡᠴᠢᠯᠡᢉᠡ ᠶ᠋ᠢ ᠴᠠᢈᠢᠮ ᢈᠡᠯᠪᠡᠷᠢ ᠳ᠋ᠦ ᠠᠮᠵᠢᠯᠲᠠᠲᠠᠢ ᠰᠢᠯᠵᠢᢉᠦᠯᠵᠦ᠂ ᠣᠯᠠᠨ ᠤᠯᠤᠰ ᠤ᠋ᠨ ᠲᠦᠪᠰᠢᠨ ᠳ᠋ᠦ ᠦᠨᠡᠯᠡᢉᠳᠡᢉᠰᠡᠨ ᠲᠣᠮᠤᠬᠠᠨ ᠠᠮᠵᠢᠯᠲᠠ ᠶᠤᠮ᠃

ᠳᠡᠯᠡᢈᠡᠢ ᠨᠡᠶᠢᠲᠡ ᠶ᠋ᠢᠨ ᢈᠡᠮᠵᠢᠶᠡᠨ ᠳ᠋ᠦ ᢈᠢᠮᠡᠯ ᠣᠶᠤᠨ ᠤᠬᠠᠭᠠᠨ᠂ ᠶᠡᢈᠡ ᠥᢉᢉᠦᢉᠳᠡᠯ᠂ ᠳ᠋ᠢᠵᠢᠲ᠋ᠠᠯ ᠢᠷᢉᠡᠨᠰᠢᠯ᠂ ᠳᠠᠲᠠ ᠤᠳᠤᠷᠢᠳᠤᠯᠭ᠎ᠠ ᠶ᠋ᠢᠨ ᠳᠡᠪᠰᠢᠯᠲᠡᠲᠦ ᠰᠢᠰᠲ᠋ᠧᠮ ᠦ᠋ᠳ ᠬᠤᠷᠳᠤᠴᠠᠲᠠᠢ ᢈᠥᢉᠵᠢᠵᠦ ᠪᠤᠢ ᠡᠨᠡ ᠦᠶ᠎ᠡ ᠳ᠋ᠦ ᠮᠣᠩᠭᠣᠯ ᠤᠯᠤᠰ ᠴᠤ ᠴᠠᢈᠢᠮ ᠵᠠᠰᠠᠭᠯᠠᠯ ᠤ᠋ᠨ ᠰᠢᠨ᠎ᠡ ᠱᠠᠲᠤᠨ ᠳ᠋ᠤ ᠠᠮᠵᠢᠯᠲᠠᠲᠠᠢ ᠰᠢᠯᠵᠢᠨ᠂ ᠣᠯᠠᠨ ᠤᠯᠤᠰ ᠤ᠋ᠨ ᠴᠢᢉ ᠬᠠᠨᠳᠤᠯᠭ᠎ᠠ ᠳ᠋ᠤ ᠨᠡᠶᠢᠴᠡᢉᠰᠡᠨ ᠤᠬᠠᠭᠠᠯᠢᠭ ᠲᠧᠻᠨᠣᠯᠣᢉᠢ ᠶ᠋ᠢᠨ ᠰᠢᠢᠳᠦᠯ ᠦ᠋ᠳ ᠢ᠋ ᠲᠥᠷᠦ ᠶ᠋ᠢᠨ ᠦᠢᠯᠡᠴᠢᠯᠡᢉᠡᠨ ᠳ᠋ᠦ ᠠᠮᠵᠢᠯᠲᠠ ᠲᠠᠢ ᠨᠡᠪᠲᠡᠷᠡᢉᠦᠯᠵᠦ ᠪᠠᠶᠢᠨ᠎ᠠ᠃

ᠡᠨᠡ ᢈᠦ ᠰᠢᠯᠵᠢᠯᠲᠡ ᠶ᠋ᠢᠨ ᠲᠣᠳᠤ ᠵᠢᠱᠢᠶ᠎ᠡ ᠪᠣᠯ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠴᠠᢈᠢᠮ ᠰᠢᠰᠲ᠋ᠧᠮ ᠪᠣᠯᠬᠤ E-Mongolia ᠶᠤᠮ᠃  ᠲᠤᠰ ᠰᠢᠰᠲ᠋ᠧᠮ ᠨᠢ ᢈᠡᠷᠡᢉᠯᠡᢉᠴᠢᠳ ᠦ᠋ᠨ ᠵᠠᠩ ᠲᠥᠯᠦᠪ᠂ ᢈᠡᠷᠡᢉᠯᠡᢉᠡᠨ ᠦ᠋ ᠳᠠᠳᠤᠯ ᠵᠤᠷᠰᠢᠯ᠂ ᠰᠲ᠋ᠠᠲ᠋ᠢᠰᠲ᠋ᠢᠭ ᠮᠡᠳᠡᢉᠡᠯᠡᠯ ᠳ᠋ᠦ ᠦᠨᠳᠦᠰᠦᠯᠡᠨ ᠶᠡᢈᠡ ᠥᢉᢉᠦᢉᠳᠡᠯ ᠦ᠋ᠨ (Big Data) ᠲᠧᠻᠨᠣᠯᠣᢉᠢ ᠶ᠋ᠢ ᠠᠰᠢᠭᠯᠠᠵᠤ᠂ ᠲᠥᠷᠦ ᠶ᠋ᠢᠨ ᠦᠢᠯᠡᠴᠢᠯᠡᢉᠡ ᠶ᠋ᠢ ᠢᠯᠡᢉᠦᠦ ᠣᠨᠤᠪᠴᠢᠲᠠᠢ᠂ ᢈᠡᠷᠡᢉᠯᠡᢉᠴᠢ ᠲᠥᠪ ᠲᠡᠢ᠂ ᢈᠡᠷᠡᢉᠴᠡᢉᠡᠨ ᠳ᠋ᠦ ᠨᠢ ᠨᠡᠶᠢᠴᠡᢉᠰᠡᠨ ᠪᠠᠶᠢᠳᠠᠯ ᠢ᠋ᠶᠠᠷ ᢈᠦᠷᢈᠡᢈᠦ ᠳ᠋ᠦ ᠴᠢᢉᠯᠡᠵᠦ ᠪᠠᠶᠢᠨ᠎ᠠ᠃

ᠮᠥᠨ ᠴᠠᠭᠠᠰᠢᠳᠠ ᢈᠢᠮᠡᠯ ᠣᠶᠤᠨ ᠤᠬᠠᠭᠠᠨ ᠳ᠋ᠤ ᠰᠠᠭᠤᠷᠢᠯᠠᠭᠰᠠᠨ ᠵᠥᠪᠯᠡᠮᠵᠢ ᠶ᠋ᠢᠨ ᠰᠢᠰᠲ᠋ᠧᠮ᠂ ᠠᠦ᠋ᠲ᠋ᠣᠮᠠᠲ ᠬᠠᠷᠢᠭᠤᠯᠠᠭᠴᠢ᠂ ᠳᠠᠲ᠋ᠠ ᠠᠨᠠᠯᠢᠽᠢ ᠶ᠋ᠢᠨ ᠳᠡᠪᠰᠢᠯᠲᠡᠲᠦ ᠰᠢᠢᠳᠦᠯ ᠦ᠋ᠳ ᠢ᠋ ᠦᠶ᠎ᠡ ᠱᠠᠲᠤ ᠲᠠᠢ ᠪᠠᠷ ᢈᠥᢉᠵᠢᢉᠦᠯᠦᠨ ᠨᠡᠪᠲᠡᠷᠡᢉᠦᠯᢈᠦ ᠠᠵᠢᠯ ᠢ᠋ ᢈᠡᠷᠡᢉᠵᠢᢉᠦᠯᠵᠦ ᠪᠠᠶᠢᠭ᠎ᠠ ᠨᠢ ᠴᠠᢈᠢᠮ ᠵᠠᠰᠠᠭᠯᠠᠯ ᠢ᠋ ᠤᠯᠠᠮ ᠪᠣᠯᠪᠠᠰᠤᠷᠠᠩᠭᠤᠢ ᠪᠣᠯᠭᠠᠬᠤ ᠴᠢᢉᠯᠡᠯ ᠳ᠋ᠦ ᠴᠢᠬᠤᠯᠠ ᠠᠯᠬᠤᠮ ᠪᠣᠯᠵᠤ ᠪᠠᠶᠢᠨ᠎ᠠ᠃

E-Mongolia ᠰᠢᠰᠲ᠋ᠧᠮ ᠨᠢ ᠲᠥᠷᠦ ᠶ᠋ᠢᠨ ᠦᠢᠯᠡᠴᠢᠯᠡᢉᠡᠨ ᠦ᠋ ᠰᠢᠨ᠎ᠡ ᠡᠷᠢᠨ ᠦᠶ᠎ᠡ ᠶ᠋ᠢ ᠡᢈᠢᠯᠡᢉᠦᠯᠦᢉᠰᠡᠨ᠂ ᢈᠦᠮᠦᠨ ᠲᠥᠪ ᠲᠡᠢ ᠴᠠᢈᠢᠮ ᠰᠢᠢᠳᠦᠯ ᠪᠣᠯᠬᠤ ᠶ᠋ᠢᠨ ᠬᠤᠪᠢ ᠳ᠋ᠤ ᠢᠷᢉᠡᠨ ᠪᠦᠷᠢ ᠳ᠋ᠦ ᢈᠦᠷᠲᠡᢉᠡᠮᠵᠢᠲᠡᠢ᠂ ᠢᠯᠡ ᠲᠣᠳᠤ᠂ ᠰᠢᠭᠤᠷᠬᠠᠢ ᠲᠥᠷᠦ ᠶ᠋ᠢᠨ ᠦᠢᠯᠡᠴᠢᠯᠡᢉᠡ ᠶ᠋ᠢ ᠡᠳᠦᠷ ᠲᠤᠲᠤᠮ ᠤ᠋ᠨ ᠠᠮᠢᠳᠤᠷᠠᠯ ᠤ᠋ᠨ ᢈᠡᠪ ᠮᠠᠶ᠋ᠢᠭ ᠲᠤ ᠨᠡᠪᠲᠡᠷᠡᢉᠦᠯᠵᠦ ᠴᠢᠳᠠᠭᠰᠠᠨ ᠨᠢ ᠬᠠᠮᠤᠭ ᠤ᠋ᠨ ᠲᠣᠮᠤ ᠠᠮᠵᠢᠯᠲᠠ ᠶᠤᠮ᠃  “ᠲᠥᠷᠦ ᠶ᠋ᠢᠨ ᠴᠠᢈᠢᠮ ᠦᠢᠯᠡᠴᠢᠯᠡᢉᠡᠨ ᠦ᠋ ᢈᠡᠷᠡᢉᠯᠡᢉᠴᠢᠳ ᠦ᠋ᠨ ᠲᠣᠭ᠎ᠠ ᠒ ᠰᠠᠶ᠎ᠠ ᠳ᠋ᠤ ᢈᠦᠷᢈᠦ ᠳ᠋ᠦ ᠦᠨᠡᠲᠡᠢ ᠬᠤᠪᠢ ᠨᠡᠮᠡᠷᠢ ᠣᠷᠤᠭᠤᠯᠵᠤ᠂ ᠳᠡᠮᠵᠢᠯᢉᠡ ᠦᠵᠡᢉᠦᠯᠦᢉᠰᠡᠨ ᠢᠷᢉᠡᠨ᠂ ᠬᠠᠤᠯᠢ ᠶ᠋ᠢᠨ ᠡᠲᠡᢉᠡᠳ ᠪᠣᠯᠤᠨ ᠬᠠᠮᠲᠤᠷᠠᠨ ᠠᠵᠢᠯᠯᠠᠭᠴᠢ ᠪᠠᠶᠢᠭᠤᠯᠤᠯᠭ᠎ᠠ ᠨᠤᠭᠤᠳ ᠲᠠ ᠪᠦᢈᠦᠨ ᠳ᠋ᠦ ᠪᠡᠨ ᠲᠠᠯᠠᠷᠬᠠᠯ ᠢᠯᠡᠷᢈᠡᠶᠢᠯᠡᠶ᠎ᠡ᠃ ”

ᠨᠡᠶᠢᠲᠡᠯᠡᠭᠰᠡᠨ᠄