“ᠢ-ᠮᠣᠩᠭᠤᠯ ᠠᠻᠠᠳ᠋ᠧᠮᠢ” ᠤᠲᠤᠭ- ᠤ᠋ᠨ ᠠᠯᠪᠠ ᠬᠠᠭᠠᠭᠴᠢᠳ ᠲᠤ “ᠲᠣᠭᠲᠠᠪᠤᠷᠢ ᠲᠠᠢ ᢈᠥᢉᠵᠢᠯ ᠦ᠋ᠨ ᠵᠣᠷᠢᠯᠭ᠎ᠠ” ᠰᠡᠳᠦᠪᠲᠦ ᠰᠤᠷᠭᠠᠯᠲᠠ ᠵᠣᢈᠢᠶᠠᠨ ᠪᠠᠶᠢᠭᠤᠯᠤᠯ᠎ᠠ


ᠣᠯᠠᠨ ᠤᠯᠤᠰ ᠤ᠋ᠨ ᠲᠤᠷᠰᠢᠯᠭ᠎ᠠ ᠶ᠋ᠢ ᠲᠦᠰᠢᢉᠯᠡᢉᠰᠡᠨ ᠬᠠᠷᠢᠯᠴᠠᠭᠠᠨ ᠤ᠋ ᠤᠷ᠎ᠠ ᠴᠢᠳᠠᠪᠤᠷᠢ᠂ ᠪᠡᠶ᠎ᠡ ᠶ᠋ᠢᠨ ᢈᠡᠯᠡᠮᠵᠢ ᠶ᠋ᠢᠨ ᠰᠤᠷᠭᠠᠯᠲᠠ ᠲᠥᠷᠦ ᠶ᠋ᠢᠨ ᠴᠠᢈᠢᠮ ᠦᠢᠯᠡᠴᠢᠯᠡᢉᠡᠨ ᠦ᠋ ᠴᠢᠨᠠᠷ ᠲᠤ ᠡᠶᠡᠷᢉᠦ ᠥᢉᠡᠷᠡᠴᠢᠯᠡᠯᠲᠡ ᠠᠪᠴᠢᠷᠠᠬᠤ ᠪᠠᠰᠠ ᠨᠢᢉᠡᠨ ᠴᠢᠬᠤᠯᠠ ᠠᠯᠬᠤᠮ ᠤ᠋ᠨ ᠨᠢᢉᠡ ᠪᠢᠯᠡ᠃

“ᠢ-ᠮᠣᠩᠭᠤᠯ ᠠᠻᠠᠳ᠋ᠧᠮᠢ” ᠤᠲᠤᠭ ᠤ᠋ᠨ ᠠᠯᠪᠠ ᠬᠠᠭᠠᠭᠴᠢᠳ ᠤ᠋ᠨ ᠢ᠋ᠶᠠᠨ ᠮᠡᠳᠡᠯᢉᠡ ᠤᠷ᠎ᠠ ᠴᠢᠳᠠᠪᠤᠷᠢ ᠶ᠋ᠢ ᠨᠡᠮᠡᢉᠳᠡᢉᠦᠯᢈᠦ᠂ ᠰᠤᠷᠭᠠᠯᠲᠠ ᠰᠣᠶᠤᠨ ᢉᠡᢉᠡᠷᠡᢉᠦᠯᢈᠦ ᠠᠵᠢᠯ ᠢ᠋ ᠱᠠᠲᠤ ᠳᠠᠷᠠᠭ᠎ᠠ ᠲᠠᠢ ᠵᠣᢈᠢᠶᠠᠨ ᠪᠠᠶᠢᠭᠤᠯᠤᠭᠰᠠᠭᠠᠷ ᠪᠠᠶᠢᠨ᠎ᠠ᠃  ᠡᠨᠡ ᠤᠳᠠᠭ᠎ᠠ ᠳ᠋ᠤ International conversation caucus foundation (ICCF) ᠮᠣᠩᠭᠤᠯ ᠳᠠᢈᠢ ᠠᠰᠠᠭᠤᠳᠠᠯ ᠬᠠᠷᠢᠭᠤᠴᠠᠭᠰᠠᠨ ᠵᠥᠪᠯᠡᢈᠦ ᠠ‍᠂ᠨᠢᠩᠵᠢᠨ ᠨᠢ “ᠢ-ᠮᠣᠩᠭᠤᠯ ᠠᠻᠠᠳ᠋ᠧᠮᠢ” ᠤᠲᠤᠭ- ᠤ᠋ᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠲᠣᠭᠲᠠᠪᠤᠷᠢ ᠲᠠᠢ ᢈᠥᢉᠵᠢᠯ ᠦ᠋ᠨ ᠵᠣᠷᠢᠯᠭ᠎ᠠ (ᠲᠤᠬᠠᠵᠠ)᠂ᠤ‍᠂ ᠹ‍᠂᠂ ᠬᠠᠷᠢᠯᠴᠠᠭᠠᠨ ᠤ᠋ ᠤᠷ᠎ᠠ ᠴᠢᠳᠠᠪᠤᠷᠢ ᠪᠣᠯᠤᠨ ᠪᠡᠶ᠎ᠡ ᠶ᠋ᠢᠨ ᢈᠡᠯᠡᠮᠵᠢ ᠶ᠋ᠢᠨ ᠲᠤᠬᠠᠢ ᠰᠤᠷᠭᠠᠯᠲᠠ ᠶ᠋ᠢ ᠵᠣᢈᠢᠶᠠᠨ ᠪᠠᠶᠢᠭᠤᠯᠵᠤ᠂ ᠴᠢᠯᠦᢉᠡᠲᠦ ᠠᠭᠤᠯᠵᠠᠯᠲᠠ ᢈᠢᠯ᠎ᠡ᠃

ᠰᠤᠷᠭᠠᠯᠲᠠ ᠶ᠋ᠢᠨ ᠦᠶ᠎ᠡ ᠪᠡᠷ ᠣᠯᠠᠨ ᠤᠯᠤᠰ ᠤ᠋ᠨ ᠲᠣᠭᠲᠠᠪᠤᠷᠢ ᠲᠠᠢ ᢈᠥᢉᠵᠢᠯ ᠦ᠋ᠨ ᠪᠣᠳᠤᠯᠭ᠎ᠠ᠂ᠵᠣᠷᠢᠯᠲᠠ ᢈᠡᠷᢈᠢᠨ ᠡᠳᠦᠷ ᠲᠤᠲᠤᠮ ᠤ᠋ᠨ ᠠᠵᠢᠯ᠂ ᠦᠢᠯᠡᠴᠢᠯᠡᢉᠡᠨ ᠦ᠋ ᠴᠢᠨᠠᠷ ᠲᠤ ᠨᠥᠯᠦᢉᠡᠯᠡᠳᠡᢉ ᠲᠤᠬᠠᠢ ᠲᠠᠨᠢᠯᠴᠠᠭᠤᠯᠵᠤ᠂ ᠪᠠᠶᠢᠭᠤᠯᠤᠯᠭ᠎ᠠ ᠶ᠋ᠢᠨ ᠰᠣᠶᠤᠯ᠂ ᢈᠡᠷᠡᢉᠯᠡᢉᠴᠢ ᠲᠡᠢ ᠬᠠᠷᠢᠯᠴᠠᠬᠤ ᠶᠣᠰᠤ ᠵᠦᠢ᠂ ᠪᠡᠶ᠎ᠡ ᠶ᠋ᠢᠨ ᢈᠡᠯᠡᠮᠵᠢ ᠶ᠋ᠢᠨ ᠨᠥᠯᠦᢉᠡ ᠵᠡᠷᢉᠡ ᠰᠡᠳᠦᠪ ᠢ᠋ᠶᠡᠷ ᠢᠳᠡᠪᢈᠢ ᠲᠡᠢ ᢈᠡᠯᠡᠯᠴᠡᢉᠦᠯᢉᠡ ᠥᠷᠨᠢᠪᠡ᠃

ᠡᠨᠡ ᢈᠦ ᠰᠤᠷᠭᠠᠯᠲᠠ ᠶ᠋ᠢ ᠵᠣᢈᠢᠶᠠᠨ ᠪᠠᠶᠢᠭᠤᠯᠤᠭᠰᠠᠨ ᠢ᠋ᠶᠠᠷ:

  • ᠲᠣᠭᠲᠠᠪᠤᠷᠢ ᠲᠠᠢ ᢈᠥᢉᠵᠢᠯ ᠦ᠋ᠨ ᠰᠠᠭᠤᠷᠢ ᠣᠶᠢᠯᠠᠭᠠᠯᠲᠠ᠂ ᠵᠠᠷᠴᠢᠮ- ᠶ᠋ᠢ ᠲᠥᠷᠦ ᠶ᠋ᠢᠨ ᠠᠯᠪᠠᠨ ᠬᠠᠭᠠᠭᠴᠢᠳ ᠤ᠋ᠨ ᠠᠵᠢᠯ ᠤ᠋ᠨ ᠦᠶᠢᠯᠡ ᠶᠠᠪᠤᠴᠠ ᠳ᠋ᠤ ᠤᠶᠠᠯᠳᠤᠭᠤᠯᠬᠤ ᠨᠥᢈᠦᠴᠡᠯ ᠪᠦᠷᠢᠳᠦᠨ᠎ᠡ᠃
  • ᠠᠯᠪᠠᠨ ᠬᠠᠭᠠᠭᠴᠢ ᠳ᠋ᠤ ᢈᠦᠮᠦᠨ ᠦ᠋ ᢈᠥᢉᠵᠢᠯ ᠳ᠋ᠦ ᠰᠠᠭᠤᠷᠢᠯᠠᠭᠰᠠᠨ ᠤᠷ᠎ᠠ ᠴᠢᠳᠠᠪᠤᠷᠢ (soft skills)- ᠢ᠋ ᠡᠵᠡᠮᠰᠢᢈᠦ᠂ ᢈᠥᢉᠵᠢᢉᠦᠯᢈᠦ ᠤᠷ᠎ᠠ ᠴᠢᠳᠠᠪᠤᠷᠢ ᠡᠵᠡᠮᠰᠢᠨ᠎ᠡ᠃
  • ᠴᠠᠭᠠᠰᠢᠳᠠ ᠢᠯᠡᢉᠦᠦ ᠬᠠᠷᠢᠭᠤᠴᠠᠯᠭᠠᠲᠠᠢ᠂ ᠢᠯᠡ ᠲᠣᠳᠤ᠂ ᢈᠦᠨᠳᠦᠳᢈᠡᠯ ᠲᠡᠢ ᠬᠠᠷᠢᠯᠴᠠᠭ᠎ᠠ ᠪᠦᢈᠦᠢ ᠦᠢᠯᠡᠴᠢᠯᠡᢉᠡᠨ ᠦ᠋ ᠰᠲ᠋ᠠᠨ᠋ᠳᠠᠷᠲ ᠲᠥᠯᠦᠪᠰᠢᢈᠦ ᠳ᠋ᠦ ᠬᠤᠪᠢ ᠨᠡᠮᠡᠷᠢ ᠣᠷᠤᠭᠤᠯᠤᠨ᠎ᠠ᠃

ᠮᠥᠨ ᠴᠠᠭᠠᠰᠢᠳᠠ ᠴᠤ ᠳᠣᠲᠤᠭᠠᠳᠤ ᠶ᠋ᠢᠨ ᠪᠣᠯᠤᠨ ᠣᠯᠠᠨ ᠤᠯᠤᠰ ᠤ᠋ᠨ ᠪᠠᠶᠢᠭᠤᠯᠤᠯᠭ᠎ᠠ ᠨᠤᠭᠤᠳ ᠲᠠᠢ ᠬᠠᠮᠲᠤᠷᠠᠨ ᠤᠷ᠎ᠠ ᠴᠢᠳᠠᠪᠤᠷᠢ ᠶ᠋ᠢᠨ ᢈᠥᢉᠵᠢᢉᠦᠯᠦᠯᠲᠡ᠂ ᠦᠢᠯᠡᠴᠢᠯᠡᢉᠡᠨ ᠦ᠋ ᠴᠢᠨᠠᠷ ᠢ᠋ ᠳᠡᢉᠡᢉᠰᠢᠯᠡᢉᠦᠯᢈᠦ ᠳ᠋ᠦ ᠴᠢᢉᠯᠡᢉᠰᠡᠨ ᠰᠤᠷᠭᠠᠯᠲᠠ᠂ ᠠᠭᠤᠯᠵᠠᠯᠲᠠ ᠨᠤᠭᠤᠳ ᠢ᠋ ᠲᠣᠭᠲᠠᠮᠠᠯ ᢈᠡᠷᠡᢉᠵᠢᢉᠦᠯᠦᢉᠰᠡᢉᠡᠷ ᠪᠠᠶᠢᠬᠤ ᠶᠤᠮ᠃

ᠨᠡᠶᠢᠲᠡᠯᠡᠭᠰᠡᠨ᠄