ᠲᠥᠷᠥ ᠶᠢᠨ ᠦᠢᠯᠡᠴᠢᠯᠡᠭᠡᠨ ᠦ ᠣᠫᠧᠷᠠᠲ᠋ᠣᠷ ᠤᠳ ᠢ ᠴᠢᠳᠠᠪᠬᠢᠵᠢᠭᠤᠯᠵᠤ ᠪᠠᠶᠢᠨ᠎ᠠ


ᠮᠣᠩᠭᠣᠯ ᠤᠯᠤᠰ ᠤᠨ ᠵᠠᠰᠠᠭ ᠤᠨ ᠭᠠᠵᠠᠷ ᠤᠨ 《ᠲᠥᠷᠥ ᠶᠢᠨ ᠦᠢᠯᠡᠴᠢᠯᠡᠭᠡᠨ ᠦ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ》 ᠒᠐᠑᠙ ᠣᠨ ᠤ ᠑᠔᠙ ᠳ᠋ᠤᠭᠡᠷ ᠲᠣᠭᠲᠠᠭᠠᠯ ᠤᠨ ᠬᠡᠷᠡᠭᠵᠢᠯᠲᠡ ᠶᠢ ᠬᠠᠩᠭᠠᠬᠤ ᠠᠵᠢᠯ ᠤᠨ ᠬᠦᠷᠢᠶᠡᠨ ᠳᠦ 《ᠢ-ᠮᠣᠩᠭᠣᠯ ᠠᠺᠠᠳᠧᠮᠢ》ᠤᠯᠤᠰ ᠤᠨ ᠲᠥᠰᠥᠪᠲᠦ ᠦᠢᠯᠡᠳᠪᠦᠷᠢ ᠶᠢᠨ ᠭᠠᠵᠠᠷ ᠤᠨ ᠰᠠᠯᠪᠤᠷᠢ ᠬᠣᠭᠣᠷᠣᠨᠳᠣ ᠶᠢᠨ ᠵᠣᠬᠢᠴᠠᠭᠤᠯᠤᠯᠲᠠ ᠶᠢᠨ ᠭᠠᠵᠠᠷ ᠠᠴᠠ ᠲᠥᠷᠥ ᠶᠢᠨ ᠦᠢᠯᠡᠴᠢᠯᠡᠭᠡᠨ ᠦ ᠣᠫᠧᠷᠠᠲ᠋ᠣᠷ ᠠᠵᠢᠯᠲᠠᠨ ᠨᠤᠭᠤᠳ ᠢ ᠴᠢᠳᠠᠪᠬᠢᠵᠢᠭᠤᠯᠬᠤ ᠰᠤᠷᠭᠠᠯᠲᠠ ᠵᠣᠬᠢᠶᠠᠨ ᠪᠠᠶᠢᠭᠤᠯᠤᠯ᠎ᠠ᠃

ᠲᠤᠰ ᠰᠤᠷᠭᠠᠯᠲᠠ ᠨᠢ MNS 6984᠄2022 ᠰᠲ᠋ᠨᠨ᠋ᠳᠠᠷᠲ ᠤᠨ ᠱᠠᠭᠠᠷᠳᠠᠯᠭ᠎ᠠ ᠶᠢ ᠬᠠᠩᠭᠠᠭᠰᠠᠨ ᠣᠫᠧᠷᠠᠲ᠋ᠣᠷ ᠠᠵᠢᠯᠲᠠᠨ ᠨᠤᠭᠤᠳ ᠢ ᠪᠡᠯᠡᠳᠬᠡᠬᠦ᠂ ᠮᠡᠷᠭᠡᠵᠢᠯ ᠠᠷᠭ᠎ᠠ ᠵᠦᠢ ᠶᠢᠨ ᠵᠥᠪᠯᠡᠮᠵᠢ ᠪᠡᠷ ᠬᠠᠩᠭᠠᠬᠤ᠂ ᠮᠡᠷᠭᠡᠵᠢᠯ ᠦᠨ ᠤᠷ᠎ᠠ ᠴᠢᠳᠠᠪᠤᠷᠢ ᠲᠠᠢ ᠲᠥᠷᠥ ᠶᠢᠨ ᠦᠢᠯᠡᠴᠢᠯᠡᠭᠡᠨ ᠦ ᠣᠫᠧᠷᠠᠲ᠋ᠣᠷ ᠠᠵᠢᠯᠲᠠᠨ ᠢ ᠰᠤᠷᠭᠠᠬᠤ᠂ ᠲᠥᠷᠥ ᠶᠢᠨ ᠦᠢᠯᠡᠴᠢᠯᠡᠭᠡ ᠶᠢ ᠬᠤᠷᠳᠤᠨ᠂ ᠰᠢᠭᠤᠷᠬᠠᠢ᠂ ᠲᠡᠭᠰᠢ ᠬᠦᠷᠲᠡᠭᠡᠮᠵᠢᠲᠡᠢ ᠬᠦᠷᠭᠡᠬᠦ ᠵᠣᠷᠢᠯᠭ᠎ᠠ ᠲᠠᠢ ᠶᠤᠮ

᠒᠐᠒᠓ ᠣᠨ ᠤ ᠐᠑ ᠳ᠋ᠤᠭᠡᠷ ᠰᠠᠷ᠎ᠠ ᠶᠢᠨ ᠒᠖ ᠍ ᠤ ᠡᠳᠦᠷ ᠴᠠᠬᠢᠮ ᠬᠥᠭᠵᠢᠯ ᠬᠠᠷᠢᠯᠴᠠᠭ᠎ᠠ ᠬᠣᠯᠪᠣᠭᠠᠨ ᠤ ᠶᠠᠮᠤᠨ ᠤ ᠬᠠᠷᠢᠶ᠎ᠠ ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠤᠨ ᠑᠘ ᠣᠫᠧᠷᠠᠲ᠋ᠣᠷ ᠠᠵᠢᠯᠲᠠᠨ ᠳᠤ ᠳᠠᠷᠠᠭᠠᠬᠢ ᠠᠭᠤᠯᠭ᠎ᠠ ᠶᠢᠨ ᠬᠦᠷᠢᠶᠡᠨ ᠳᠦ ᠲᠠᠩᠬᠢᠮ ᠤᠨ ᠰᠤᠷᠭᠠᠯᠲᠠ ᠶᠢ ᠵᠣᠬᠢᠶᠠᠨ ᠪᠠᠶᠢᠭᠤᠯᠪᠠ᠃ ᠡᠭᠦᠨ ᠳᠦ᠄

  • MNS 6984᠄2022 ᠰᠲ᠋ᠨᠨ᠋ᠳᠠᠷᠲ  ᠤᠨ ᠲᠤᠬᠠᠢ
  • ᠲᠥᠷᠥ ᠶᠢᠨ ᠦᠢᠯᠡᠴᠢᠯᠡᠭᠡᠨ ᠦ ᠨᠢᠭᠡᠳᠦᠭᠰᠡᠨ ᠰᠢᠰᠲ᠋ᠧᠮ ᠢ-ᠮᠣᠩᠭᠣᠯᠢᠶᠠ ᠪᠠᠷ ᠳᠠᠮᠵᠢᠭᠤᠯᠤᠨ ᠦᠢᠯᠡᠴᠢᠯᠡᠭᠡ ᠦᠵᠡᠭᠦᠯᠬᠦ ᠵᠢᠭᠠᠪᠤᠷᠢ
  • ᠬᠦᠮᠦᠨ ᠦ ᠬᠤᠪᠢ  ᠶᠢᠨ ᠮᠡᠳᠡᠭᠡᠯᠡᠯ ᠢ ᠬᠠᠮᠠᠭᠠᠯᠠᠬᠤ
  • ᠰᠲ᠋ᠷᠧᠰᠰ ᠢᠶᠡᠨ ᠵᠣᠬᠢᠴᠠᠭᠤᠯᠬᠤ ᠨᠢ
  • ᠮᠡᠳᠡᠭᠡᠯᠡᠯ ᠦᠨ ᠠᠶᠤᠯ ᠦᠭᠡᠢ ᠪᠠᠶᠢᠳᠠᠯ ᠵᠡᠷᠭᠡ ᠠᠭᠤᠯᠭ᠎ᠠ ᠲᠤᠰ ᠲᠤᠰ ᠪᠠᠭᠠᠳᠴᠤ ᠪᠠᠶᠢᠭ᠎ᠠ ᠶᠤᠮ᠃


ᠮᠥᠨ ᠢ-ᠮᠣᠩᠭᠣᠯᠢᠶᠠ ᠰᠢᠰᠲ᠋ᠧᠮ ᠢᠶᠡᠷ ᠳᠠᠮᠵᠢᠭᠤᠯᠤᠨ ᠢᠷᠭᠡᠨ᠂ ᠠᠵᠤ ᠠᠬᠤᠢ ᠨᠢᠭᠡᠴᠡ ᠨᠦᠭᠦᠳ ᠲᠦ ᠬᠡᠷᠬᠢᠨ ᠦᠢᠯᠡᠴᠢᠯᠡᠭᠡ ᠦᠵᠡᠭᠦᠯᠬᠦ ᠲᠠᠯ᠎ᠠ ᠪᠠᠷ ᠵᠢᠭᠠᠪᠤᠷᠢ ᠵᠥᠪᠯᠡᠭᠡ ᠥᠭᠬᠦ᠂ ᠣᠨᠣᠯ ᠫᠷᠠᠺᠲ᠋ᠢᠭ ᠬᠣᠣᠰᠯᠠᠭᠰᠠᠨ ᠪᠠᠶᠢᠳᠠᠯ ᠢᠶᠠᠷ ᠰᠤᠷᠭᠠᠯᠲᠠ ᠶᠢ ᠣᠷᠣᠯ᠎ᠠ᠃ ᠳᠠᠷᠠᠭ᠎ᠠ ᠶᠢᠨ ᠡᠭᠡᠯᠵᠢ ᠳᠦ ᠡᠳᠡᠭᠡᠷ ᠣᠫᠧᠷᠠᠲ᠋ᠣᠷ ᠤᠳ ᠠᠵᠢᠯ ᠤᠨ ᠪᠠᠶᠢᠷᠢ ᠳᠡᠭᠡᠷ᠎ᠡ ᠪᠡᠨ ᠳᠠᠳᠤᠯᠭᠠᠵᠢᠬᠤ ᠶᠤᠮ᠃

ᠨᠡᠶᠢᠲᠡᠯᠡᠭᠰᠡᠨ᠄