《Smart city-2023》 ᠦᠢᠯᠡ ᠠᠵᠢᠯᠯᠠᠭᠠᠨ ᠳᠤ 《ᠢ-ᠮᠣᠩᠭᠣᠯ ᠠᠺᠠᠳᠧᠮᠢ》 ᠤᠯᠤᠰ ᠤᠨ ᠲᠥᠰᠦᠪ ᠲᠦ ᠦᠢᠯᠡᠳᠪᠦᠷᠢ ᠶᠢᠨ ᠭᠠᠵᠠᠷ ᠣᠷᠣᠯᠴᠠᠯ᠎ᠠ


《ᠢ-ᠮᠣᠩᠭᠣᠯ ᠠᠺᠠᠳᠧᠮᠢ》 ᠤᠯᠤᠰ ᠤᠨ ᠲᠥᠰᠦᠪᠲᠦ ᠦᠢᠯᠡᠳᠪᠦᠷᠢ ᠶᠢᠨ ᠭᠠᠵᠠᠷ ᠤᠨ ᠲᠥᠯᠦᠭᠡᠯᠡᠯ ᠦᠳ ᠐᠖ ᠳ᠋ᠤᠭᠠᠷ ᠰᠠᠷ᠎ᠠ ᠶᠢᠨ ᠒᠓ ᠍ ᠤ ᠡᠳᠦᠷ ᠳᠠᠷᠬᠠᠨ ᠬᠣᠲᠠᠳ 《ᠮᠠᠷᠭᠠᠰᠢ ᠶᠢᠨ ᠬᠣᠲᠠ》 ᠤᠷᠢᠶᠠᠨ ᠳᠣᠣᠷ᠎ᠠ ᠵᠣᠬᠢᠶᠠᠨ ᠪᠠᠶᠢᠭᠤᠯᠤᠭᠳᠠᠵᠤ ᠪᠤᠢ 《Smart city-2023》 ᠦᠢᠯᠡ ᠠᠵᠢᠯᠯᠠᠭᠠᠨ ᠳᠤ ᠣᠷᠣᠯᠴᠠᠯ᠎ᠠ᠃

ᠡᠨᠡᠬᠦ ᠦᠢᠯᠡ ᠠᠵᠢᠯᠯᠠᠭᠠᠨ ᠤ ᠦᠶ᠎ᠡ ᠪᠡᠷ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠳᠡᠮᠵᠢᠭᠰᠡᠨ 《ᠴᠠᠬᠢᠮ ᠠᠶᠢᠮᠠᠭ》 ᠪᠣᠳᠣᠯᠭ᠎ᠠ ᠶᠢᠨ ᠪᠠᠷᠢᠮᠲᠠ ᠪᠢᠴᠢᠭ ᠦᠨ ᠬᠡᠷᠡᠭᠵᠢᠯᠲᠡ ᠶᠢ ᠬᠠᠩᠭᠠᠬᠤ᠂ ᠠᠶᠢᠮᠠᠭ᠂ ᠣᠷᠣᠨ ᠨᠤᠲᠤᠭ ᠤᠨ ᠪᠣᠳᠣᠯᠭ᠎ᠠ ᠶᠢᠨ ᠪᠠᠷᠢᠮᠲᠠ ᠪᠢᠴᠢᠭ᠂ ᠲᠥᠰᠥᠯ᠂ ᠬᠥᠲᠥᠯᠪᠦᠷᠢ ᠪᠣᠯᠪᠠᠰᠤᠷᠠᠭᠤᠯᠬᠤ ᠳᠤ ᠮᠡᠷᠭᠡᠵᠢᠯ ᠠᠷᠭ᠎ᠠ ᠵᠦᠢ ᠶᠢᠨ ᠳᠡᠮᠵᠢᠯᠭᠡ ᠦᠵᠡᠭᠦᠯᠬᠦ ᠵᠣᠷᠢᠯᠭ᠎ᠠ ᠪᠠᠷ ᠬᠡᠯᠡᠯᠴᠡᠭᠦᠯᠭᠡ ᠵᠣᠬᠢᠶᠠᠨ ᠪᠠᠶᠢᠭᠤᠯᠤᠭᠰᠠᠨ ᠶᠤᠮ᠃

ᠬᠡᠯᠡᠯᠴᠡᠭᠦᠯᠭᠡ ᠳᠦ ᠤᠯᠤᠰ ᠤᠨ ᠶᠡᠬᠡ ᠬᠤᠷᠠᠯ ᠤᠨ ᠭᠡᠰᠢᠭᠦᠨ᠂ ᠰᠠᠩ ᠤᠨ ᠰᠠᠶᠢᠳ ᠪ ∙ ᠵᠢᠪᠬᠤᠯᠠᠩ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠪ ∙ ᠪᠠᠲᠤᠴᠡᠴᠡᠭ ᠨᠠᠷ ᠣᠷᠣᠯᠴᠠᠭᠰᠠᠨ ᠪᠥᠭᠡᠳ 《ᠢ-ᠮᠣᠩᠭᠣᠯ ᠠᠺᠠᠳᠧᠮᠢ》 ᠤᠯᠤᠰ ᠤᠨ ᠲᠥᠰᠥᠪ ᠲᠦ ᠦᠢᠯᠡᠳᠪᠦᠷᠢ ᠶᠢᠨ ᠭᠠᠵᠠᠷ ᠤᠨ ᠵᠠᠬᠢᠷᠤᠯ ᠪ ∙ ᠮᠢᠭᠮᠠᠷᠨᠠᠷᠠᠨ 《ᠢ-ᠮᠣᠩᠭᠣᠯᠢᠶᠠ ᠓.᠐ ᠪᠠ ᠪᠦᠬᠦ ᠨᠡᠶᠢᠲᠡ ᠶᠢᠨ ᠴᠠᠬᠢᠮ ᠤᠷ᠎ᠠ ᠴᠢᠳᠠᠪᠤᠷᠢ》 ᠰᠡᠳᠦᠪ ᠢᠶᠡᠷ ᠢᠯᠡᠳᠬᠡᠯ ᠲᠠᠨᠢᠯᠴᠠᠭᠤᠯᠤᠯ᠎ᠠ᠃

ᠮᠥᠨ 《ᠢ-ᠮᠣᠩᠭᠣᠯ ᠠᠺᠠᠳᠧᠮᠢ》 ᠤᠯᠤᠰ ᠤᠨ ᠲᠥᠰᠦᠪ ᠲᠦ ᠦᠢᠯᠡᠳᠪᠦᠷᠢ ᠶᠢᠨ ᠭᠠᠵᠠᠷ ᠤᠨ ᠬᠠᠮᠲᠤ ᠣᠯᠠᠨ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠶᠢᠨ ᠲᠥᠷᠦ᠂ ᠬᠤᠪ ᠤᠨ ᠬᠡᠪᠰᠢᠯ ᠦᠨ ᠪᠠᠶᠢᠭᠤᠯᠤᠯᠭ᠎ᠠ ᠨᠤᠭᠤᠳ ᠤᠨ ᠬᠠᠮᠲᠤᠷᠠᠭᠰᠠᠨ ᠦᠵᠡᠰᠬᠦᠯᠡᠩ ᠳᠦ ᠣᠷᠣᠯᠴᠠᠵᠤ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ᠂ ᠬᠠᠷᠢᠭᠤᠴᠠᠨ ᠠᠵᠢᠯᠯᠠᠳᠠᠭ ᠰᠢᠰᠲ᠋ᠧᠮ ᠦᠳ ᠦᠨ ᠲᠠᠯ᠎ᠠ ᠪᠠᠷ ᠲᠠᠨᠢᠯᠴᠠᠭᠤᠯᠵᠤ᠂ ᠮᠡᠳᠡᠭᠡᠯᠡᠯ ᠦᠭᠪᠡ᠃

ᠡᠭᠦᠨ ᠦ ᠵᠡᠷᠭᠡᠴᠡᠭᠡ ᠒᠕᠐ ᠭᠠᠷᠤᠢ ᠲᠥᠷᠥ ᠶᠢᠨ ᠠᠯᠪᠠᠨ ᠬᠠᠭᠠᠭᠴᠢᠳ ᠲᠤ ᠲᠤᠰ ᠭᠠᠵᠠᠷ ᠤᠨ ᠰᠠᠯᠪᠤᠷᠢ ᠳᠤᠮᠳᠠ ᠶᠢᠨ ᠵᠣᠬᠢᠴᠠᠭᠤᠯᠤᠯᠲᠠ ᠶᠢᠨ ᠭᠠᠵᠠᠷ ᠤᠨ ᠲᠥᠰᠥᠯ ᠦᠨ ᠮᠧᠨᠧᠵᠧᠷ ᠣ᠊ ∙ ᠲᠡᠭᠦᠯᠳᠡᠷ 《ᠢ-ᠮᠣᠩᠭᠣᠯᠢᠶᠠ᠂ ᠢ-ᠪᠢᠽᠢᠨ᠋᠋ᠧᠰ》 ᠰᠡᠳᠦᠪ ᠢᠶᠡᠷ᠂ ᠴᠠᠬᠢᠮ ᠤᠷ᠎ᠠ ᠴᠢᠳᠠᠪᠤᠷᠢ ᠶᠢᠨ ᠭᠠᠵᠠᠷ ᠤᠨ ᠰᠤᠷᠭᠠᠭᠴᠢ ᠪᠠᠭᠰᠢ ᠣ᠊ ∙ ᠪᠢᠯᠢᠭᠦᠨ 《ᠴᠠᠬᠢᠮ ᠢᠷᠭᠡᠨ᠂ ᠴᠠᠬᠢᠮ ᠵᠠᠰᠠᠭᠯᠠᠯ》 ᠰᠡᠳᠦᠪ ᠦᠳ ᠢᠶᠡᠷ ᠲᠤᠰ ᠲᠤᠰ ᠰᠤᠷᠭᠠᠯᠲᠠ ᠵᠣᠬᠢᠶᠠᠨ ᠪᠠᠶᠢᠭᠤᠯᠤᠯ᠎ᠠ᠃

ᠲᠤᠰ ᠦᠢᠯᠡ ᠠᠵᠢᠯᠯᠠᠭ᠎ᠠ ᠶᠢ ᠴᠠᠬᠢᠮ ᠬᠥᠭᠵᠢᠯ᠂ ᠬᠠᠷᠢᠯᠴᠠᠭ᠎ᠠ ᠶᠠᠮᠤ᠂ ᠳᠠᠷᠬᠠᠨ-ᠠᠭᠤᠯᠠ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠳᠠᠷᠬᠠᠨ-ᠠᠭᠤᠯᠠ ᠠᠶᠢᠮᠠᠭ ᠤᠨ ᠨᠡᠶᠢᠭᠡᠮ᠂ ᠡᠳ᠋ ᠍ ᠦᠨ ᠵᠠᠰᠠᠭ ᠤᠨ ᠬᠥᠭᠵᠢᠯ ᠢ ᠳᠡᠮᠵᠢᠬᠦ ᠵᠣᠷᠢᠯᠭ᠎ᠠ ᠪᠦᠬᠦᠢ ᠮᠣᠩᠭᠣᠯ ᠤᠯᠤᠰ᠂ ᠧᠦ᠋ᠷᠣᠫᠠ ᠶᠢᠨ ᠬᠣᠯᠪᠣᠭᠠᠨ ᠤ ᠬᠠᠮᠲᠤᠷᠠᠭᠰᠠᠨ 《ᠨᠠᠶᠢᠷᠠᠮᠳᠠᠯ》 ᠲᠥᠰᠥᠯ ᠵᠡᠷᠭᠡ ᠪᠠᠶᠢᠭᠤᠯᠤᠯᠭ᠎ᠠ ᠨᠤᠭᠤᠳ ᠬᠠᠮᠲᠤᠷᠠᠨ ᠵᠣᠬᠢᠶᠠᠨ ᠪᠠᠶᠢᠭᠤᠯᠵᠤ ᠪᠠᠶᠢᠭ᠎ᠠ ᠪᠥᠭᠡᠳ ᠒᠑ ᠠᠶᠢᠮᠠᠭ ᠤᠨ ᠲᠥᠯᠥᠭᠡᠯᠡᠯ ᠦᠳ ᠤᠷᠤᠯᠴᠠᠪᠠ᠃

ᠨᠡᠶᠢᠲᠡᠯᠡᠭᠰᠡᠨ᠄