《ᠮᠡᠳᠡᠭᠡᠯᠡᠯ ᠦᠨ ᠲᠧᠭᠨᠣᠯᠣᠭᠢ ᠶᠢᠨ ᠑᠐᠐᠐ ᠢᠨᠵᠧᠨᠧᠷ ᠪᠡᠯᠡᠳᠬᠡᠬᠦ》 ᠠᠵᠢᠯ ᠤᠨ ᠬᠦᠷᠢᠶᠡᠨ ᠳᠦ 《Seeds for the Future》 ᠬᠥᠲᠦᠯᠪᠦᠷᠢ ᠺᠠᠲ᠋ᠠᠷ ᠤᠯᠤᠰ ᠤᠨ ᠨᠡᠶᠢᠰᠯᠡᠯ ᠳᠣᠬᠣ ᠬᠣᠲᠠᠨ ᠢᠶᠠᠨ ᠒᠐᠒᠓ ᠣᠨ ᠤ ᠐᠙ ᠳ᠋ᠦ᠋ᠭᠡᠷ ᠰᠠᠷ᠎ᠠ ᠶᠢᠨ ᠐᠒-᠐᠙ ᠍ ᠦ ᠡᠳᠦᠷ ᠦᠳ ᠲᠦ ᠵᠣᠬᠢᠶᠠᠨ ᠪᠠᠶᠢᠭᠤᠯᠤᠭᠳᠠᠵᠤ ᠪᠠᠶᠢᠨ᠎ᠠ᠃
ᠡᠨᠡ ᠵᠢᠯ ᠦᠨ ᠬᠥᠲᠦᠯᠪᠦᠷᠢ ᠳᠦ ᠮᠣᠩᠭᠣᠯ᠂ ᠺᠠᠲ᠋ᠠᠷ᠂ ᠰ ᠤᠳ ᠤᠨ ᠠᠷᠠᠪ᠂ ᠺᠦᠪᠠᠶᠢᠲ᠂ ᠡᠮᠠᠷ ᠲᠤ᠂ ᠪᠠᠾᠷᠧᠢ ᠶᠢᠨ᠂ ᠬᠠᠰᠠᠭᠰᠲ᠋ᠠᠨ᠂ ᠫᠠᠺᠢᠰᠲᠠᠨ᠂ ᠣᠮᠠᠨ᠂ ᠦᠽᠪᠧᠺᠢᠰᠲᠠᠨ᠂ ᠢᠣᠷᠳᠠᠨ᠂ ᠯᠢᠸᠠᠩ᠂ ᠢᠷᠠᠺ᠂ ᠠᠽᠧᠷᠪᠠᠶᠢᠵᠠᠨ᠂ ᠺᠢᠷᠭᠢᠽ ᠭᠡᠰᠡᠨ ᠑᠕ ᠣᠷᠣᠨ ᠤ ᠒᠐᠐ ᠮᠡᠷᠭᠡᠵᠢᠯᠲᠡᠨ ᠬᠠᠮᠤᠷᠤᠭᠳᠠᠵᠤ ᠪᠠᠶᠢᠭ᠎ᠠ ᠠᠵᠢ᠃
ᠮᠣᠩᠭᠣᠯ ᠤᠯᠤᠰ ᠠᠴᠠ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠪᠠᠭᠰᠢ ᠨᠠᠷ ᠲᠡᠳᠦᠢ ᠦᠭᠡᠢ ᠬᠠᠷᠢᠯᠴᠠᠭ᠎ᠠ ᠬᠣᠯᠪᠣᠭ᠎ᠠ ᠮᠡᠳᠡᠭᠡᠯᠡᠯ ᠦᠨ ᠲᠧᠭᠨᠣᠯᠣᠭᠢ ᠶᠢᠨ ᠮᠡᠷᠭᠡᠵᠢᠯᠲᠡᠨ ᠨᠦᠭᠦᠳ ᠡᠴᠡ ᠪᠦᠷᠢᠳᠦᠭᠰᠡᠨ ᠑᠐ ᠬᠦᠮᠦᠨ ᠦ ᠪᠦᠷᠢᠯᠳᠦᠬᠦᠨ ᠲᠡᠢ ᠪᠠᠭ ᠣᠷᠣᠯᠴᠠᠵᠤ ᠪᠠᠶᠢᠨ᠎ᠠ᠃ ᠪᠠᠭ ᠲᠤ 《ᠢ-ᠮᠣᠩᠭᠣᠯ ᠠᠺᠠᠳᠧᠮᠢ》 ᠤᠯᠤᠰ ᠤᠨ ᠲᠥᠰᠦᠪᠲᠦ ᠦᠢᠯᠡᠳᠪᠦᠷᠢ ᠶᠢᠨ ᠭᠠᠵᠠᠷ ᠤᠨ ᠵᠠᠬᠢᠷᠭ᠎ᠠ ᠤᠳᠤᠷᠢᠳᠤᠯᠭ᠎ᠠ ᠶᠢᠨ ᠭᠠᠵᠠᠷ ᠤᠨ ᠳᠠᠷᠤᠭ᠎ᠠ ᠪ ∙ ᠳᠥᠯᠥᠭᠡᠨ᠂ ᠰᠢᠰᠲ᠋ᠧᠮ ᠠᠰᠢᠭᠯᠠᠯᠲᠠ ᠶᠢᠨ ᠬᠡᠯᠲᠡᠰ ᠦᠨ ᠠᠬᠠᠯᠠᠬᠤ ᠢᠨᠵᠧᠨᠧᠷ ᠭ ∙ ᠮᠥᠩᠬᠡ-ᠡᠷᠳᠡᠨᠢ ᠨᠠᠷ ᠪᠠᠭᠠᠳᠴᠤ ᠪᠠᠶᠢᠭ᠎ᠠ ᠶᠤᠮ᠃
ᠣᠯᠠᠨ ᠣᠷᠣᠨ ᠤ ᠵᠠᠯᠠᠭᠤᠰ ᠮᠡᠳᠡᠭᠡᠯᠡᠯ ᠦᠨ ᠲᠧᠭᠨᠣᠯᠣᠭᠢ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠶᠢᠨ ᠬᠠᠮᠤᠭ ᠤᠨ ᠰᠡᠭᠦᠯ ᠦᠨ ᠦᠶ᠎ᠡ ᠶᠢᠨ ᠲᠧᠭᠨᠣᠯᠣᠭᠢ ᠶᠢ ᠠᠰᠢᠭᠯᠠᠨ ᠨᠡᠶᠢᠭᠡᠮ ᠤᠨ ᠠᠰᠠᠭᠤᠳᠠᠯ ᠢ ᠰᠢᠢᠳᠪᠦᠷᠢᠯᠡᠬᠦ ᠰᠠᠨᠠᠯ᠂ ᠰᠠᠨᠠᠭᠠᠴᠢᠯᠠᠭ᠎ᠠ ᠪᠠᠨ ᠤᠷᠤᠯᠳᠤᠭᠤᠯᠵᠤ ᠪᠠᠶᠢᠨ᠎ᠠ᠃
ᠺᠠᠲ᠋ᠠᠷ ᠤᠯᠤᠰ ᠤᠨ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠭᠠᠵᠠᠷ ᠤᠨ ᠢᠪᠡᠭᠡᠯ ᠳᠣᠣᠷ᠎ᠠ Huawei ᠺᠣᠮᠫᠠᠨᠢ ᠒᠐᠒᠓ ᠣᠨ ᠤ 《Seeds for the Future》 ᠬᠥᠲᠦᠯᠪᠦᠷᠢ ᠶᠢ ᠵᠣᠬᠢᠶᠠᠨ ᠪᠠᠶᠢᠭᠤᠯᠵᠤ ᠪᠠᠶᠢᠨ᠎ᠠ᠃ ᠲᠤᠰ ᠬᠥᠲᠥᠯᠪᠦᠷᠢ ᠶᠢᠨ ᠨᠡᠭᠡᠭᠡᠯᠲᠡ ᠶᠢᠨ ᠦᠶ᠎ᠡ ᠪᠡᠷ ᠳᠣᠬᠣ ᠬᠣᠲᠠ ᠳᠠᠬᠢ ᠺᠠᠲ᠋ᠠᠷ ᠤᠨ ᠦᠨᠳᠦᠰᠦᠨ ᠦ ᠺᠣᠨᠸᠧᠨᠼ ᠤᠨ ᠲᠥᠪᠡᠳ (QNCC) ᠬᠡᠯᠡᠯᠴᠡᠭᠦᠯᠭᠡ ᠥᠷᠨᠢᠭᠦᠯᠦᠭᠰᠡᠨ᠃
ᠬᠡᠯᠡᠯᠴᠡᠭᠦᠯᠭᠡ ᠳᠦ GSMA᠂ MENA ᠪᠣᠯᠤᠨ ᠣᠯᠠᠨ ᠤᠯᠤᠰ ᠤᠨ ᠬᠢᠮᠡᠯ ᠣᠶᠤᠨ ᠤᠬᠠᠭᠠᠨ ᠤ ᠭᠷᠦᠶᠢᠫ ᠤᠨ ᠶᠡᠷᠦᠩᠬᠡᠶᠢᠯᠡᠭᠴᠢ ᠳ᠋ᠣᠺᠲ᠋ᠣᠷ ᠵᠢᠰᠰᠢᠮ ᠬᠠᠵᠢ᠂ ᠪᠦᠭᠦᠳᠡ ᠨᠠᠶᠢᠷᠠᠮᠳᠠᠬᠤ ᠦᠽᠪᠧᠺᠢᠰᠲᠠᠨ ᠤᠯᠤᠰ ᠤᠨ ᠳ᠋ᠢᠵᠢᠲᠠᠯ᠎ᠠ ᠲᠧᠭᠨᠣᠯᠣᠭᠢ ᠶᠢᠨ ᠳᠡᠳ᠋ ᠰᠠᠶᠢᠳ ᠺᠠᠷᠢᠮᠵᠢᠨᠦᠪ ᠷᠦ᠋ᠰᠲᠠᠮ᠂ ᠬᠠᠰᠠᠭᠰᠲ᠋ᠠᠨ ᠤ ᠰᠢᠨᠵᠢᠯᠡᠬᠦ ᠤᠬᠠᠭᠠᠨ᠂ ᠳᠡᠭᠡᠳᠦ ᠪᠣᠯᠪᠠᠰᠤᠷᠠᠯ ᠤᠨ ᠳᠡᠳ᠋ ᠰᠠᠶᠢᠳ ᠺᠠᠮᠢᠯ ᠠᠺᠠᠲᠠᠪᠠ ᠨᠠᠷ ᠣᠷᠣᠯᠴᠠᠯ᠎ᠠ᠃
《Seeds for the Future》 ᠬᠥᠲᠦᠯᠪᠦᠷᠢ ᠳᠦ 《ᠢ-ᠮᠣᠩᠭᠣᠯ ᠠᠺᠠᠳᠧᠮᠢ》 ᠤᠯᠤᠰ ᠤᠨ ᠲᠥᠰᠦᠪᠲᠦ ᠦᠢᠯᠡᠳᠪᠦᠷᠢ ᠶᠢᠨ ᠭᠠᠵᠠᠷ ᠤᠨ ᠵᠠᠯᠠᠭᠤᠰ ᠤᠨ ᠲᠥᠯᠦᠭᠡᠯᠡᠯ ᠬᠠᠮᠤᠷᠤᠭᠳᠠᠵᠤ ᠪᠠᠶᠢᠨ᠎ᠠ
ᠨᠡᠶᠢᠲᠡᠯᠡᠭᠰᠡᠨ᠄