《ᠢ-ᠮᠣᠩᠭᠣᠯ ᠠᠺᠠᠳᠧᠮᠢ》 ᠤᠯᠤᠰ ᠤᠨ ᠲᠥᠰᠥᠪᠲᠦ ᠦᠢᠯᠡᠳᠪᠦᠷᠢ ᠶᠢᠨ ᠭᠠᠵᠠᠷ ᠤᠨ ᠰᠠᠯᠪᠤᠷᠢ ᠳᠤᠮᠳᠠ ᠶᠢᠨ ᠵᠣᠬᠢᠴᠠᠭᠤᠯᠤᠯᠲᠠ ᠶᠢᠨ ᠭᠠᠵᠠᠷ ᠤᠨ ᠰᠢᠨᠵᠢᠭᠡᠴᠢ ᠪ ∙ ᠡᠩᠬᠡ-ᠠᠮᠤᠷ 《ᠲᠥᠷᠥ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭᠠᠨ ᠤ ᠤᠳᠤᠷᠢᠳᠤᠯᠭ᠎ᠠ ᠶᠢᠨ ᠨᠢᠭᠡᠳᠦᠭᠰᠡᠨ ᠰᠢᠰᠲ᠋ᠧᠮ-ERP》 ᠰᠡᠳᠦᠪ ᠲᠦ ᠣᠨᠣᠯ ᠫᠷᠠᠺᠲ᠋ᠢᠭ ᠬᠣᠣᠰᠯᠠᠭᠰᠠᠨ ᠰᠤᠷᠭᠠᠯᠲᠠ ᠶᠢ 《ᠮᠣᠩᠭᠣᠯ-ᠶᠠᠫᠣᠨ ᠤ》 ᠡᠮᠨᠡᠯᠭᠡ ᠶᠢᠨ ᠡᠮᠴᠢ ᠮᠡᠷᠭᠡᠵᠢᠯᠲᠡᠨ ᠨᠦᠭᠦᠳ ᠲᠦ ᠣᠷᠣᠯ᠎ᠠ᠃
ᠲᠤᠰ ᠰᠤᠷᠭᠠᠯᠲᠠ ᠶᠢ ᠒᠐᠒᠓ ᠣᠨ ᠤ ᠑᠐ ᠳ᠋ᠤᠭᠠᠷ ᠰᠠᠷ᠎ᠠ ᠶᠢᠨ ᠐᠙ ᠍ ᠦ ᠡᠳᠦᠷ ᠵᠣᠬᠢᠶᠠᠨ ᠪᠠᠶᠢᠭᠤᠯᠵᠤ ᠨᠡᠶᠢᠲᠡ ᠔᠐ ᠡᠮᠴᠢ ᠡᠮᠨᠡᠯᠭᠡ ᠶᠢᠨ ᠮᠡᠷᠭᠡᠵᠢᠯᠲᠡᠨ ᠬᠠᠮᠤᠷᠤᠭᠳᠠᠭᠰᠠᠨ᠃
ᠰᠤᠷᠭᠠᠯᠲᠠ ᠪᠠᠷ᠄
- ERP ᠰᠢᠰᠲ᠋ᠧᠮ ᠰᠤᠳᠤᠯᠭ᠎ᠠ
- ᠲᠥᠷᠥ ᠶᠢᠨ ᠦᠢᠯᠡᠴᠢᠯᠡᠭᠡᠨ ᠦ ᠮᠣᠳᠣᠯ
- ERP ᠰᠢᠰᠲ᠋ᠧᠮ ᠦᠨ ᠴᠧᠰᠧ
- ᠴᠠᠭ ᠪᠦᠷᠢᠳᠬᠡᠯ ᠦᠨ ᠰᠢᠰᠲ᠋ᠧᠮ ᠵᠡᠷᠭᠡ ᠠᠭᠤᠯᠭ᠎ᠠ ᠶᠢ ᠪᠠᠭᠲᠠᠭᠠᠭᠰᠠᠨ ᠪᠣᠯᠤᠨ᠎ᠠ᠃
ᠲᠥᠷᠥ ᠶᠢᠨ ᠪᠠᠶᠢᠭᠤᠯᠤᠯᠭ᠎ᠠ ᠶᠢᠨ ᠤᠳᠤᠷᠢᠳᠤᠯᠭ᠎ᠠ ᠶᠢᠨ ᠨᠢᠭᠡᠳᠦᠭᠰᠡᠨ ᠰᠢᠰᠲ᠋ᠧᠮ ᠪᠣᠯᠬᠤ ERP ᠰᠢᠰᠲ᠋ᠧᠮ ᠢ ᠦᠢᠯᠡ ᠠᠵᠢᠯᠯᠠᠭᠠᠨ ᠳᠤ ᠪᠠᠨ ᠨᠡᠪᠲᠡᠷᠡᠭᠦᠯᠦᠭᠰᠡᠨ ᠢᠶᠡᠷ ᠲᠤᠬᠠᠢ ᠶᠢᠨ ᠪᠠᠶᠢᠭᠤᠯᠤᠯᠭ᠎ᠠ ᠮᠡᠳᠡᠭᠡᠯᠡᠯ ᠦᠨ ᠨᠢᠭᠡᠳᠦᠭᠰᠡᠨ ᠰᠠᠩ ᠲᠠᠢ ᠪᠣᠯᠬᠤ ᠠᠴᠠ ᠭᠠᠳᠠᠨ᠎ᠠ᠂ ᠲ ᠤᠦᠢᠯ ᠶᠠᠪᠤᠴᠠ ᠶᠢ ᠲᠥᠯᠥᠪᠯᠡᠬᠦ᠂ ᠤᠳᠤᠷᠢᠳᠬᠤ ᠦᠷ᠎ᠡ ᠳᠦᠩ ᠢ ᠰᠢᠭᠤᠳ ᠨᠢᠭᠡᠳᠬᠡᠬᠦ᠂ ᠴᠠᠭ ᠬᠡᠮᠨᠡᠬᠦ ᠭᠡᠬᠦ ᠮᠡᠲᠦ ᠣᠯᠠᠨ ᠳᠠᠪᠠᠭᠤ ᠲᠠᠯ᠎ᠠ ᠪᠥᠷᠢᠳᠬᠦ ᠶᠤᠮ᠃
ᠣᠳᠣ ᠶᠢᠨ ᠪᠠᠶᠢᠳᠠᠯ ᠢᠶᠠᠷ ᠡᠮᠨᠡᠯᠭᠡ ᠶᠢᠨ ᠤᠳᠤᠷᠢᠳᠬᠤ ᠲᠦᠪᠰᠢᠨ ᠦ ᠮᠡᠷᠭᠡᠵᠢᠯᠲᠡᠨ ᠨᠦᠭᠦᠳ ᠯᠠ ERP ᠰᠢᠰᠲ᠋ᠧᠮ ᠢ ᠠᠰᠢᠭᠯᠠᠳᠠᠭ ᠪᠠᠶᠢᠭᠰᠠᠨ ᠪᠣᠯ ᠑᠑ ᠳᠦᠭᠡᠷ ᠰᠠᠷ᠎ᠠ ᠶᠢᠨ ᠐᠑ ᠍ ᠦ ᠡᠳᠦᠷ ᠡᠴᠡ ᠡᠬᠢᠯᠡᠨ ᠡᠮᠴᠢ᠂ ᠡᠮᠨᠡᠯᠭᠡ ᠶᠢᠨ ᠠᠵᠢᠯᠲᠠᠨ ᠪᠦᠷ ᠡᠳᠦᠷ ᠲᠤᠲᠤᠮ ᠤᠨ ᠦᠢᠯᠡ ᠠᠵᠢᠯᠯᠠᠭᠠᠨ ᠳᠤ ᠪᠠᠨ ᠬᠡᠷᠡᠭᠯᠡᠬᠦ ᠵᠣᠷᠢᠯᠲᠠ ᠲᠠᠯᠪᠢᠨ ᠠᠵᠢᠯᠯᠠᠵᠤ ᠪᠠᠶᠢᠨ᠎ᠠ᠃