《ᠢ-ᠮᠣᠩᠭᠣᠯ ᠠᠺᠠᠳᠧᠮᠢ》 ᠤᠯᠤᠰ ᠤᠨ ᠲᠥᠰᠥᠪᠲᠦ ᠦᠢᠯᠡᠳᠪᠦᠷᠢ ᠶᠢᠨ ᠭᠠᠵᠠᠷ᠂ ᠦᠨᠳᠦᠰᠦᠨ ᠦ ᠠᠦ᠋ᠳᠢᠲ ᠤᠨ ᠭᠠᠵᠠᠷ ᠬᠣᠭᠣᠷᠣᠨᠳᠣ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠢ ᠒᠐᠒᠓ ᠣᠨ ᠤ ᠑᠒ ᠳ᠋ᠤᠭᠠᠷ ᠰᠠᠷ᠎ᠠ ᠶᠢᠨ ᠑᠘ ᠍ ᠤ ᠡᠳᠦᠷ ᠪᠠᠶᠢᠭᠤᠯᠤᠨ 《ᠢ-ᠮᠣᠩᠭᠣᠯ ᠠᠺᠠᠳᠧᠮᠢ》 ᠤᠯᠤᠰ ᠤᠨ ᠲᠥᠰᠥᠪᠲᠦ ᠦᠢᠯᠡᠳᠪᠦᠷᠢ ᠶᠢᠨ ᠭᠠᠵᠠᠷ ᠍ ᠤᠨ ᠵᠠᠬᠢᠷᠤᠯ ᠪ ∙ ᠮᠢᠭᠮᠠᠷᠨᠠᠷᠠᠨ᠂ ᠮᠣᠩᠭᠣᠯ ᠤᠯᠤᠰ ᠤᠨ ᠶᠡᠷᠦᠩᠬᠡᠢ ᠠᠦ᠋ᠳᠢᠲ᠋ᠣᠷ ᠳ ∙ ᠽᠠᠨᠳᠠᠨᠪᠠᠲ ᠨᠠᠷ ᠪᠠᠲᠤᠯᠠᠮᠵᠢᠯᠠᠨ᠂ ᠭᠠᠷ ᠤᠨ ᠦᠰᠦᠭ ᠵᠢᠷᠤᠯ᠎ᠠ᠃
ᠮᠣᠩᠭᠣᠯ ᠤᠯᠤᠰ ᠤᠨ ᠶᠡᠷᠦᠩᠬᠡᠢ ᠠᠦ᠋ᠳᠢᠲ᠋ᠣᠷ ᠳ ∙ ᠵᠠᠩᠳᠠᠩᠪᠠᠲᠤ ᠶᠢᠨ ᠰᠠᠨᠠᠭᠠᠴᠢᠯᠠᠨ ᠬᠡᠷᠡᠭᠵᠢᠭᠦᠯᠵᠦ ᠪᠤᠢ ᠲᠥᠷᠥ ᠶᠢᠨ ᠠᠦ᠋ᠳᠢᠲ ᠤᠨ ᠦᠢᠯᠡ ᠠᠵᠢᠯᠯᠠᠭᠠᠨ ᠳᠤ ᠴᠠᠬᠢᠮ ᠰᠢᠯᠵᠢᠯᠲᠡ ᠶᠢ ᠨᠡᠪᠲᠡᠷᠡᠭᠦᠯᠬᠦ ᠪᠣᠳᠣᠯᠭ᠎ᠠ ᠶᠢᠨ ᠬᠦᠷᠢᠶᠡᠨ ᠳᠦ ᠰᠠᠯᠪᠤᠷᠢ ᠳᠤᠮᠳᠠ ᠶᠢᠨ ᠪᠣᠳᠣᠯᠭ᠎ᠠ᠂ ᠦᠢᠯᠡ ᠠᠵᠢᠯᠯᠠᠭ᠎ᠠ ᠶᠢ ᠤᠶᠠᠯᠳᠤᠭᠤᠯᠬᠤ ᠴᠢᠭᠯᠡᠯ ᠢᠶᠡᠷ ᠬᠠᠮᠲᠤᠷᠠᠨ ᠠᠵᠢᠯᠯᠠᠬᠤ᠂ ᠰᠤᠷᠭᠠᠯᠲᠠ᠂ ᠵᠥᠪᠯᠡᠬᠦ ᠦᠢᠯᠡᠴᠢᠯᠡᠭᠡ ᠦᠵᠡᠭᠦᠯᠬᠦ᠂ ᠮᠥᠨ ᠲᠥᠷᠥ ᠶᠢᠨ ᠴᠠᠬᠢᠮ ᠦᠢᠯᠡᠴᠢᠯᠡᠭᠡᠨ ᠦ ᠨᠢᠭᠡᠳᠦᠭᠰᠡᠨ ᠰᠢᠰᠲ᠋ᠧᠮ 《E-Mongolia》 ᠍ ᠢᠶᠠᠷ ᠳᠠᠮᠵᠢᠭᠤᠯᠤᠨ ᠲᠥᠷᠥ ᠶᠢᠨ ᠠᠦ᠋ᠳᠢᠲ ᠤᠨ ᠪᠠᠶᠢᠭᠤᠯᠤᠯᠭ᠎ᠠ ᠶᠢᠨ ᠭᠦᠢᠴᠡᠳᠭᠡᠬᠦ ᠠᠦ᠋ᠳᠢᠲ ᠤᠨ ᠰᠡᠳᠦᠪ ᠦᠨ ᠰᠠᠨᠠᠯ ᠢ ᠴᠤᠭᠯᠠᠭᠤᠯᠬᠤ᠂ ᠠᠦ᠋ᠳᠢᠲ ᠤᠨ ᠦᠢᠯᠡ ᠠᠵᠢᠯᠯᠠᠭᠠᠨ ᠤ ᠮᠡᠳᠡᠭᠡᠯᠡᠯ ᠦᠳ ᠢ ᠢᠷᠭᠡᠳ ᠲᠦ ᠲᠦᠭᠡᠭᠡᠬᠦ ᠴᠢᠭᠯᠡᠯ ᠢᠶᠡᠷ ᠲᠠᠯ᠎ᠠ ᠨᠤᠭᠤᠳ ᠬᠠᠮᠲᠤᠷᠠᠨ ᠠᠵᠢᠯᠯᠠᠬᠤ ᠶᠤᠮ᠃
ᠬᠠᠮᠲᠤᠷᠠᠨ ᠠᠵᠢᠯᠯᠠᠬᠤ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠬᠤ ᠶᠣᠰᠣᠯᠠᠯ ᠤᠨ ᠦᠢᠯᠡ ᠠᠵᠢᠯᠯᠠᠭᠠᠨ ᠳᠤ ᠦᠨᠳᠦᠰᠦᠨ ᠦ ᠠᠦ᠋ᠳᠢᠲ ᠤᠨ ᠭᠠᠵᠠᠷ ᠠᠴᠠ ᠮᠣᠩᠭᠣᠯ ᠤᠯᠤᠰ ᠤᠨ ᠶᠡᠷᠦᠩᠬᠡᠢ ᠠᠦ᠋ᠳᠢᠲᠤᠷ ᠤᠨ ᠣᠷᠣᠯᠠᠭᠴᠢ ᠶᠢᠨ ᠠᠯᠪᠠᠨ ᠡᠭᠦᠷᠭᠡ ᠶᠢ ᠲᠦᠷᠢ ᠣᠷᠣᠯᠠᠨ ᠭᠦᠢᠴᠡᠳᠬᠡᠭᠴᠢ ᠼ ∙ ᠨᠠᠷᠠᠨᠴᠢᠮᠡᠭ᠂ ᠬᠥᠭᠵᠢᠯ ᠦᠨ ᠪᠣᠳᠣᠯᠭ᠎ᠠ᠂ ᠲᠥᠯᠥᠪᠯᠡᠯᠲᠡ ᠶᠢᠨ ᠭᠠᠵᠠᠷ ᠤᠨ ᠵᠠᠬᠢᠷᠤᠯ᠂ ᠲᠡᠷᠢᠭᠦᠯᠡᠬᠦ ᠠᠦ᠋ᠳᠢᠲ᠋ᠣᠷ ᠪ ∙ ᠪᠤᠨᠲᠤᠬᠣᠷᠤᠯ᠂ ᠮᠡᠳᠡᠭᠡᠯᠡᠯ ᠦᠨ ᠲᠧᠭᠨᠣᠯᠣᠭᠢ ᠶᠢᠨ ᠲᠥᠪ ᠦᠨ ᠵᠠᠬᠢᠷᠤᠯ ᠠ᠊ ∙ ᠤᠶᠠᠩᠭ᠎ᠠ-ᠡᠷᠳᠡᠨᠢ᠂ 《ᠢ-ᠮᠣᠩᠭᠣᠯ ᠠᠺᠠᠳᠧᠮᠢ》 ᠤᠯᠤᠰ ᠤᠨ ᠲᠥᠰᠥᠪᠲᠦ ᠦᠢᠯᠡᠳᠪᠦᠷᠢ ᠶᠢᠨ ᠭᠠᠵᠠᠷ ᠍ ᠠᠴᠠ ᠰᠠᠯᠪᠤᠷᠢ ᠳᠤᠮᠳᠠ ᠶᠢᠨ ᠵᠣᠬᠢᠴᠠᠭᠤᠯᠤᠯᠲᠠ ᠶᠢᠨ ᠭᠠᠵᠠᠷ ᠤᠨ ᠳᠠᠷᠤᠭ᠎ᠠ ᠬ ∙ ᠡᠩᠬᠡᠮᠠᠩᠯᠠᠢ᠂ ᠲᠥᠰᠥᠯ ᠦᠨ ᠮᠧᠨᠧᠵᠧᠷ ᠳ ∙ ᠪᠠᠲ᠋ᠴᠢᠮᠡᠭ ᠨᠠᠷ ᠣᠷᠣᠯᠴᠠᠯ᠎ᠠ᠃