ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠡᠷᠡᠭᠦᠯ ᠮᠡᠨᠳᠦ᠂ ᠪᠣᠯᠪᠠᠰᠤᠷᠠᠯ᠂ ᠬᠥᠳᠡᠯᠮᠦᠷᠢ ᠡᠷᠬᠢᠯᠡᠯᠲᠡ ᠶᠢ ᠳᠡᠮᠵᠢᠬᠦ᠂ ᠲᠤᠯᠭᠠᠮᠳᠠᠭᠰᠠᠨ ᠠᠰᠠᠭᠤᠳᠠᠯ ᠢ ᠲᠧᠭᠨᠣᠯᠣᠭᠢ ᠶᠢᠨ ᠠᠷᠭ᠎ᠠ ᠪᠠᠷ ᠬᠡᠷᠬᠢᠨ ᠰᠢᠢᠳᠪᠦᠷᠢᠯᠡᠬᠦ ᠰᠢᠢᠳᠦᠯ ᠢ ᠲᠠᠨᠢᠯᠴᠠᠭᠤᠯᠬᠤ 《Ability expo-2023》 ᠦᠢᠯᠡ ᠠᠵᠢᠯᠯᠠᠭ᠎ᠠ ᠶᠢ ᠑᠑ ᠳ᠋ᠦ᠋ᠭᠡᠷ ᠰᠠᠷ᠎ᠠ ᠶᠢᠨ ᠒᠖ ᠍ ᠤ ᠡᠳᠦᠷ ᠵᠣᠬᠢᠶᠠᠨ ᠪᠠᠶᠢᠭᠤᠯᠪᠠ᠃
ᠲᠤᠰ ᠦᠢᠯᠡ ᠠᠵᠢᠯᠯᠠᠭᠠᠨ ᠳᠤ 《ᠢ-ᠮᠣᠩᠭᠣᠯᠠ ᠠᠺᠠᠳᠧᠮᠢ》 ᠤᠯᠤᠰ ᠤᠨ ᠲᠥᠰᠦᠪ ᠲᠦ ᠦᠢᠯᠡᠳᠪᠦᠷᠢ ᠶᠢᠨ ᠭᠠᠵᠠᠷ ᠤᠨ ᠬᠠᠮᠲᠤ ᠣᠯᠠᠨ ᠲᠤᠰᠬᠠᠢ ᠬᠡᠷᠡᠭᠴᠡᠭᠡᠲᠦ ᠢᠷᠭᠡᠳ ᠦᠨ ᠲᠤᠯᠭᠠᠮᠳᠠᠭᠰᠠᠨ ᠠᠰᠠᠭᠤᠳᠠᠯ ᠢ ᠲᠧᠭᠨᠣᠯᠣᠭᠢ ᠶᠢᠨ ᠠᠷᠭ᠎ᠠ ᠪᠠᠷ ᠰᠢᠢᠳᠪᠦᠷᠢᠯᠡᠵᠦ ᠪᠤᠢ ᠦᠢᠯᠡᠴᠢᠯᠡᠭᠡ ᠨᠦᠭᠦᠳ ᠢᠶᠡᠨ ᠲᠠᠨᠢᠯᠴᠠᠭᠤᠯᠵᠤ᠂ ᠴᠢᠨᠠᠭᠰᠢᠳᠠ ᠶᠠᠮᠠᠷ ᠦᠢᠯᠡᠴᠢᠯᠡᠭᠡ ᠨᠡᠮᠡᠵᠦ ᠣᠷᠣᠭᠤᠯᠬᠤ ᠬᠡᠷᠡᠭᠴᠡᠭᠡ᠂ ᠱᠠᠭᠠᠷᠳᠠᠯᠭ᠎ᠠ ᠪᠠᠶᠢᠭ᠎ᠠ ᠶᠢ ᠰᠤᠳᠤᠯᠵᠤ᠂ ᠰᠠᠨᠠᠯ᠂ ᠬᠦᠰᠡᠯᠲᠦ ᠶᠢ ᠨᠢ ᠬᠦᠯᠢᠶᠡᠨ ᠠᠪᠴᠤ ᠣᠷᠣᠯᠴᠠᠯ᠎ᠠ᠃
E-Mongolia 3.0 ᠬᠤᠪᠢᠯᠪᠤᠷᠢ ᠶᠢᠨ ᠬᠦᠷᠢᠶᠡᠨ ᠳᠦ ᠣᠯᠠᠨ ᠤᠯᠤᠰ ᠤᠨ WCAG ᠰᠲ᠋ᠠᠨᠳᠠᠷᠲ ᠤᠨ ᠳᠠᠭᠠᠤ ᠬᠥᠭᠵᠢᠭᠦᠯᠦᠯᠲᠡ ᠬᠢᠭᠰᠡᠨ ᠢᠶᠡᠷ ᠬᠠᠷᠠᠭᠠᠨ ᠤ ᠪᠡᠷᠬᠡᠰᠢᠶᠡᠯ ᠲᠡᠢ ᠢᠷᠭᠡᠳ ᠳᠡᠯᠭᠡᠴᠡ ᠤᠩᠰᠢᠭᠴᠢ ᠫᠷᠣᠭᠷᠠᠮ ᠠᠰᠢᠭᠯᠠᠨ ᠰᠢᠰᠲ᠋ᠧᠮ ᠢ ᠰᠠᠭᠠᠳ ᠦᠭᠡᠢ ᠠᠰᠢᠭᠯᠠᠬᠤ ᠪᠣᠯᠤᠮᠵᠢ ᠶᠢ ᠪᠦᠷᠢᠳᠦᠭᠦᠯᠦᠭᠰᠡᠨ᠃ ᠮᠥᠨ ᠬᠥᠭᠵᠢᠯ ᠦᠨ ᠪᠡᠷᠬᠡᠰᠢᠶᠡᠯ ᠲᠡᠢ ᠢᠷᠭᠡᠨ ᠦ ᠦᠨᠡᠮᠯᠡᠬᠦ᠂ ᠬᠥᠳᠡᠯᠮᠦᠷᠢ ᠶᠢᠨ ᠴᠢᠳᠠᠪᠤᠷᠢ ᠠᠯᠳᠠᠯᠲᠠ ᠶᠢᠨ ᠬᠤᠪᠢ ᠲᠣᠭᠲᠠᠭᠠᠭᠰᠠᠨ ᠠᠺᠲ ᠢ ᠴᠠᠬᠢᠮᠵᠢᠭᠤᠯᠤᠭᠰᠠᠨ ᠪᠢᠯᠡ᠃
《ᠪᠡᠷᠬᠡᠰᠢᠶᠡᠯ ᠪᠦᠬᠦᠨ ᠪᠣᠯᠤᠮᠵᠢ》 ᠤᠷᠢᠶᠠᠨ ᠳᠣᠣᠷ᠎ᠠ ᠵᠣᠬᠢᠶᠠᠨ ᠪᠠᠶᠢᠭᠤᠯᠤᠭᠰᠠᠨ ᠡᠨᠡᠬᠦ ᠦᠢᠯᠡ ᠠᠵᠢᠯᠯᠠᠭᠠᠨ ᠤ ᠦᠶ᠎ᠡ ᠪᠡᠷ ᠲᠥᠷᠦ ᠶᠢᠨ ᠪᠣᠯᠤᠨ ᠬᠤᠪ ᠤᠨ ᠬᠡᠪᠰᠢᠯ ᠦᠨ ᠪᠠᠶᠢᠭᠤᠯᠤᠯᠭ᠎ᠠ ᠶᠢᠨ ᠡᠷᠬᠡ ᠲᠡᠭᠰᠢ ᠣᠷᠣᠯᠴᠠᠭ᠎ᠠ᠂ ᠬᠦᠷᠲᠡᠭᠡᠮᠵᠢ ᠲᠡᠢ ᠪᠠᠶᠢᠳᠠᠯ ᠢ ᠨᠡᠮᠡᠭᠳᠡᠭᠦᠯᠬᠦ᠂ ᠨᠡᠶᠢᠭᠡᠮ ᠦᠨ ᠬᠠᠷᠢᠭᠤᠴᠠᠯᠭ᠎ᠠ ᠪᠠᠨ ᠦᠯᠢᠭᠡᠷ ᠵᠢᠱᠢᠶ᠎ᠡ ᠬᠡᠷᠡᠭᠵᠢᠭᠦᠯᠵᠦ ᠪᠤᠢ ᠪᠠᠶᠢᠭᠤᠯᠤᠯᠭ᠎ᠠ ᠨᠤᠭᠤᠳ ᠢ ᠪᠣᠳᠣᠯᠭ᠎ᠠ ᠪᠠᠷ ᠳᠡᠮᠵᠢᠬᠦ᠂ ᠠᠵᠢᠯ ᠤᠨ ᠪᠠᠶᠢᠷᠢ ᠨᠡᠮᠡᠭᠳᠡᠭᠦᠯᠬᠦ᠂ ᠠᠶᠤᠯ ᠦᠭᠡᠢ ᠪᠠᠶᠢᠳᠠᠯ ᠢ ᠬᠠᠩᠭᠠᠬᠤ ᠵᠡᠷᠭᠡ ᠣᠯᠠᠨ ᠴᠢᠬᠤᠯᠠ ᠰᠡᠳᠦᠪ ᠢᠶᠡᠷ ᠬᠡᠯᠡᠯᠴᠡᠭᠦᠯᠭᠡ ᠥᠷᠨᠢᠭᠦᠯᠪᠡ᠃ ᠮᠥᠨ ᠢᠷᠭᠡᠨ᠂ ᠬᠤᠪ ᠤᠨ ᠬᠡᠪᠰᠢᠯ ᠦᠨ ᠲᠥᠯᠥᠭᠡᠯᠡᠯ ᠵᠡᠷᠭᠡ ᠖᠐ ᠭᠠᠷᠤᠢ ᠬᠦᠮᠦᠨ ᠥᠪᠡᠷᠰᠡᠳ ᠦᠨ ᠬᠢᠵᠦ᠂ ᠪᠦᠲᠦᠭᠡᠭᠰᠡᠨ ᠪᠦᠲᠦᠭᠡᠭᠳᠡᠬᠦᠨ ᠦᠢᠯᠡᠴᠢᠯᠡᠭᠡ ᠪᠡᠨ ᠲᠠᠨᠢᠯᠴᠠᠭᠤᠯᠵᠤ᠂ ᠰᠢᠨ᠎ᠡ ᠪᠣᠯᠤᠮᠵᠢ ᠨᠤᠭᠤᠳ ᠢ ᠡᠷᠢᠯᠬᠢᠯᠡᠵᠦ ᠣᠷᠣᠯᠴᠠᠯ᠎ᠠ᠃
《Ability expo-2023》 ᠦᠢᠯᠡ ᠠᠵᠢᠯᠯᠠᠭ᠎ᠠ ᠶᠢ ᠬᠥᠳᠡᠯᠮᠦᠷᠢ᠂ ᠨᠡᠶᠢᠭᠡᠮ ᠦᠨ ᠬᠠᠮᠠᠭᠠᠯᠠᠯ ᠤᠨ ᠶᠠᠮᠤ᠂ ᠪᠣᠯᠪᠠᠰᠤᠷᠠᠯ ᠰᠢᠨᠵᠢᠯᠡᠬᠦ ᠤᠬᠠᠭᠠᠨ ᠤ ᠶᠠᠮᠤ᠂ ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠬᠥᠭᠵᠢᠯ ᠦᠨ ᠶᠡᠷᠦᠩᠬᠡᠢ ᠭᠠᠵᠠᠷ ᠪᠣᠯᠤᠨ ᠢᠷᠭᠡᠨ ᠦ ᠨᠡᠶᠢᠭᠡᠮ ᠦᠨ ᠪᠠᠶᠢᠭᠤᠯᠤᠯᠭ᠎ᠠ ᠨᠤᠭᠤᠳ ᠬᠠᠮᠲᠤ ᠶᠢᠨ ᠠᠵᠢᠯᠯᠠᠭᠠᠨ ᠤ ᠪᠠᠨ ᠬᠦᠷᠢᠶᠡᠨ ᠳᠦ ᠵᠣᠬᠢᠶᠠᠨ ᠪᠠᠶᠢᠨᠠᠭᠤᠯᠤᠭᠰᠠᠨ ᠶᠤᠮ᠃