ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠦᠨᠳᠦᠰᠦᠨ ᠦ ᠣᠷᠣᠯᠴᠠᠭᠴᠢ ᠲᠠᠯ ᠤᠳ ᠤᠨ V ᠹᠣᠷᠣᠮ ᠵᠣᠬᠢᠶᠠᠨ ᠪᠠᠶᠢᠭᠤᠯᠤᠭᠳᠠᠯ᠎ᠠ


ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠳᠡᠯᠡᠬᠡᠢ ᠶᠢᠨ ᠗ ᠬᠣᠨᠣᠭ ᠵᠢᠯ ᠪᠦᠷᠢ ᠶᠢᠨ ᠑᠐ ᠳ᠋ᠤᠭᠠᠷ ᠰᠠᠷ᠎ᠠ ᠶᠢᠨ ᠰᠡᠭᠦᠯ ᠦᠨ ᠳᠣᠯᠣᠭ᠎ᠠ ᠬᠣᠨᠣᠭ ᠲᠤ ᠲᠣᠬᠢᠶᠠᠳᠠᠭ᠃

ᠡᠨᠡ ᠵᠢᠯ ᠦᠨ ᠬᠤᠪᠢ ᠳᠤ United Nations Educational Scientific and Cultural Organization ᠍ ᠦᠨ ᠪᠡᠭᠡᠵᠢᠩ ᠳ᠋ᠡᠬᠢ ᠲᠥᠯᠥᠭᠡᠯᠡᠭᠴᠢ ᠶᠢᠨ ᠭᠠᠵᠠᠷ ᠤᠨ ᠳᠡᠮᠵᠢᠯᠭᠡ ᠲᠡᠢ ᠪᠡᠷ 《ᠴᠠᠬᠢᠮ ᠣᠷᠴᠢᠨ ᠪᠠ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ᠄ ᠬᠠᠮᠲᠤᠷᠠᠨ ᠬᠡᠯᠡᠯᠴᠡᠬᠦ ᠠᠰᠠᠭᠤᠳᠠᠯ ᠤᠳ》 ᠭᠡᠰᠡᠨ ᠤᠷᠢᠶᠠᠨ ᠳᠣᠣᠷ᠎ᠠ ᠨᠢᠭᠡᠳᠴᠦ᠂ ᠦᠨᠳᠦᠰᠦᠨ ᠦ ᠣᠷᠣᠯᠴᠠᠭᠴᠢ ᠲᠠᠯ ᠤᠳ ᠤᠨ V ᠹᠣᠷᠣᠮ ᠢ ᠒᠐᠒᠓ ᠣᠨ ᠤ ᠑᠑ ᠳᠦᠭᠡᠷ ᠰᠠᠷ᠎ᠠ ᠶᠢᠨ ᠐᠗ ᠍ ᠤ ᠡᠳᠦᠷ ᠭᠠᠳᠠᠭᠠᠳᠤ ᠬᠡᠷᠡᠭ ᠦᠨ ᠶᠠᠮᠤᠨ ᠤ ᠵᠥᠪᠰᠢᠯᠴᠡᠯ ᠲᠠᠩᠬᠢᠮ ᠳᠤ ᠵᠣᠬᠢᠶᠠᠨ ᠪᠠᠶᠢᠭᠤᠯᠤᠯ᠎ᠠ᠃

ᠹᠣᠷᠣᠮ ᠤᠨ ᠨᠡᠭᠡᠭᠡᠯᠲᠡ ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ᠂ ᠬᠠᠤᠯᠢ ᠵᠦᠢ᠂ ᠳᠣᠲᠣᠭᠠᠳᠤ ᠬᠡᠷᠡᠭ ᠦᠨ ᠳᠡᠳ᠋ ᠰᠠᠶᠢᠳ ᠪ ∙ ᠰᠣᠯᠣᠩᠭ᠎ᠠ᠂ ᠪᠣᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠤ ᠲᠥᠷᠦ ᠶᠢᠨ ᠨᠠᠷᠢᠨ ᠪᠢᠴᠢᠭ ᠦᠨ ᠳᠠᠷᠤᠭ᠎ᠠ ᠯ ∙ ᠼᠧᠳᠡᠪᠰᠦ᠋ᠷᠦᠩ᠂ ᠬᠡᠪᠯᠡᠯ ᠦᠨ ᠬᠦᠷᠢᠶᠡᠯᠡᠩ ᠦᠨ ᠭᠦᠢᠴᠡᠳᠭᠡᠬᠦ ᠵᠠᠬᠢᠷᠤᠯ ᠮ ∙ ᠮᠥᠩᠬᠡᠮᠠᠳᠠᠬᠤ᠂ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠤᠨ ᠭᠡᠰᠢᠭᠦᠨ ᠭ ∙ ᠨᠠᠷᠠᠨᠲᠤᠶᠠᠭ᠎ᠠ ᠨᠠᠷ ᠣᠷᠣᠯᠴᠠᠪᠠ᠃

ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠢᠷᠭᠡᠳ ᠦᠨ ᠴᠠᠬᠢᠮ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠴᠢᠭᠯᠡᠯ ᠢᠶᠡᠷ ᠪᠣᠳᠣᠯᠭ᠎ᠠ ᠶᠢᠨ ᠪᠠᠷᠢᠮᠲᠠ ᠪᠢᠴᠢᠭ ᠲᠦ ᠲᠤᠰᠬᠠᠨ ᠬᠡᠷᠡᠭᠵᠢᠯᠲᠡ ᠶᠢ ᠬᠠᠩᠭᠠᠨ ᠠᠵᠢᠯᠯᠠᠵᠤ ᠪᠤᠢ ᠶᠢ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ ᠨᠡᠭᠡᠭᠡᠯᠲᠡ ᠶᠢᠨ ᠦᠭᠡ ᠬᠡᠯᠡᠬᠦ ᠳᠦ ᠪᠡᠨ ᠣᠨᠴᠠᠯᠠᠭᠰᠠᠨ ᠶᠤᠮ᠃

ᠹᠣᠷᠣᠮ ᠨᠢ ᠕ ᠦᠨᠳᠦᠰᠦᠨ ᠬᠡᠯᠡᠯᠴᠡᠭᠦᠯᠭᠡ ᠡᠴᠡ ᠪᠥᠷᠢᠳᠴᠦ ᠪᠠᠶᠢᠨ᠎ᠠ᠃ ᠡᠭᠦᠨ ᠳᠦ᠄

  • ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ᠄ ᠠᠯᠪᠠᠨ ᠪᠠ ᠠᠯᠪᠠᠨ ᠪᠤᠰᠤ ᠪᠣᠯᠪᠠᠰᠤᠷᠠᠯ ᠤᠨ ᠪᠣᠳᠣᠯᠭ᠎ᠠ᠂ ᠬᠥᠲᠦᠯᠪᠦᠷᠢ᠂ ᠬᠡᠷᠡᠭᠴᠡᠭᠡ ᠱᠠᠭᠠᠷᠳᠠᠯᠭ᠎ᠠ
  • ᠴᠠᠬᠢᠮ ᠤᠷᠴᠢᠨ ᠳᠤ ᠦᠵᠡᠯ ᠪᠣᠳᠣᠯ ᠢᠶᠠᠨ ᠢᠯᠡᠷᠬᠡᠶᠢᠯᠡᠬᠦ ᠡᠷᠬᠡ ᠴᠢᠯᠦᠭᠡ᠂ ᠲᠡᠭᠦᠨ ᠦ ᠬᠢᠵᠠᠭᠠᠷ
  • ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠪᠠ ᠵᠧᠨᠳᠡᠷ ᠦᠨ ᠡᠷᠬᠡ ᠲᠡᠭᠰᠢ ᠪᠠᠶᠢᠳᠠᠯ
  • ᠬᠢᠮᠡᠯ ᠣᠶᠤᠨ ᠤᠬᠠᠭᠠᠨ ᠤ ᠡᠷᠡᠨ ᠦᠶ᠎ᠡ – ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠳᠤ ᠰᠠᠭᠤᠷᠢᠯᠠᠭᠰᠠᠨ ᠠᠶᠤᠯ ᠦᠭᠡᠢ ᠪᠠᠶᠢᠳᠠᠯ ᠤᠨ ᠠᠰᠠᠭᠤᠳᠠᠯ ᠤᠳ
  • ᠢᠷᠭᠡᠨ ᠦ ᠰᠡᠳᠬᠦᠯ ᠵᠦᠢ ᠪᠠ ᠴᠠᠬᠢᠮ ᠡᠷᠡᠨ ᠦ ᠬᠡᠪᠯᠡᠯ ᠮᠡᠳᠡᠭᠡᠯᠡᠯ

《ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ᠄ ᠠᠯᠪᠠᠨ ᠪᠠ ᠠᠯᠪᠠᠨ ᠪᠤᠰᠤ ᠪᠣᠯᠪᠠᠰᠤᠷᠠᠯ ᠤᠨ ᠪᠣᠳᠣᠯᠭ᠎ᠠ᠂ ᠬᠥᠲᠥᠯᠪᠦᠷᠢ᠂ ᠬᠡᠷᠡᠭᠴᠡᠭᠡ ᠱᠠᠭᠠᠷᠳᠠᠯᠭ᠎ᠠ》 ᠰᠡᠳᠦᠪᠲᠦ ᠬᠡᠯᠡᠯᠴᠡᠭᠦᠯᠭᠡ ᠶᠢᠨ ᠮᠣᠳᠧᠷᠠᠲ᠋ᠣᠷ ᠢᠶᠠᠷ 《ᠢ-ᠮᠣᠩᠭᠣᠯ ᠠᠺᠠᠳᠧᠮᠢ》 ᠤᠯᠤᠰ ᠤᠨ ᠲᠥᠰᠥᠪ ᠲᠦ ᠦᠢᠯᠡᠳᠪᠦᠷᠢ ᠶᠢᠨ ᠭᠠᠵᠠᠷ ᠤᠨ ᠴᠠᠬᠢᠮ ᠤᠷ᠎ᠠ ᠴᠢᠳᠠᠪᠤᠷᠢ ᠶᠢᠨ ᠭᠠᠵᠠᠷ ᠤᠨ ᠳᠠᠷᠤᠭ᠎ᠠ ᠸ ∙ ᠯᠤᠲᠤ-ᠣᠴᠢᠷ ᠣᠷᠣᠯᠴᠠᠵᠤ᠂ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠠᠭᠤᠯᠭ᠎ᠠ ᠶᠢ ᠰᠤᠷᠭᠠᠯᠲᠠ ᠶᠢᠨ ᠬᠥᠲᠥᠯᠪᠦᠷᠢ ᠳᠦ ᠲᠤᠰᠬᠠᠨ ᠬᠡᠷᠡᠭᠵᠢᠭᠦᠯᠬᠦ᠂ ᠰᠤᠷᠲᠠᠯᠴᠢᠯᠠᠨ ᠲᠠᠨᠢᠭᠤᠯᠬᠤ᠂ ᠠᠴᠢ ᠬᠣᠯᠪᠣᠭᠳᠠᠯ ᠤᠨ ᠲᠠᠯ᠎ᠠ ᠪᠠᠷ ᠰᠣᠨᠢᠷᠬᠠᠯᠲᠠᠢ ᠶᠠᠷᠢᠶ᠎ᠠ ᠥᠷᠨᠢᠭᠦᠯᠵᠦ᠂ ᠰᠠᠨᠠᠯ ᠰᠣᠯᠢᠯᠴᠠᠯ᠎ᠠ᠃

ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠨᠢ ᠬᠦᠮᠦᠰ ᠲᠦ ᠮᠡᠳᠡᠭᠡᠯᠡᠯ ᠠᠰᠢᠭᠯᠠᠬᠤ ᠶᠢᠨ ᠳᠠᠪᠠᠭᠤ ᠲᠠᠯ᠎ᠠ ᠶᠢ ᠨᠡᠮᠡᠭᠳᠡᠭᠦᠯᠵᠦ᠂ ᠠᠯᠢᠪᠠ ᠰᠥᠷᠭᠦ ᠨᠥᠯᠥᠭᠡᠯᠡᠯ ᠢ ᠪᠠᠭᠠᠰᠬᠠᠬᠤ ᠳᠤ ᠲᠤᠰᠠᠯᠠᠬᠤ ᠴᠣᠭᠴᠠ ᠮᠡᠳᠡᠯᠭᠡ᠂ ᠴᠢᠳᠠᠪᠤᠷᠢ ᠶᠢ ᠳᠡᠭᠡᠭᠰᠢᠯᠡᠭᠦᠯᠬᠦ᠂ ᠬᠤᠷᠳᠤᠴᠠ ᠲᠠᠢ ᠥᠭᠡᠷᠡᠴᠢᠯᠡᠭᠳᠡᠵᠦ ᠪᠤᠢ ᠳᠡᠯᠡᠬᠡᠢ ᠶᠢᠷᠲᠢᠨᠴᠦ ᠶᠢ ᠣᠶᠢᠯᠠᠭᠠᠬᠤ ᠶᠢᠨ ᠲᠤᠯᠠᠳᠠ ᠡᠳᠦᠭᠡ ᠬᠡᠪᠯᠡᠯ ᠮᠡᠳᠡᠭᠡᠯᠡᠯ ᠦᠨ ᠪᠦᠬᠦᠢ ᠯᠠ ᠬᠡᠯᠪᠡᠷᠢ ᠶᠢ ᠬᠡᠷᠬᠢᠨ ᠦᠷ᠎ᠡ ᠳ᠋ᠦᠩ ᠲᠡᠢ ᠠᠰᠢᠭᠯᠠᠬᠤ ᠳᠤ ᠶᠡᠬᠡᠬᠡᠨ ᠨᠥᠯᠦᠭᠡ ᠲᠡᠢ ᠶᠤᠮ᠃

ᠨᠡᠶᠢᠲᠡᠯᠡᠭᠰᠡᠨ᠄