ᠣᠯᠠᠨ ᠤᠯᠤᠰ ᠤᠨ ᠰᠢᠮᠫᠣᠽᠢᠦᠶᠢᠮ ᠳᠦ 《ᠢ-ᠮᠣᠩᠭᠣᠯ ᠠᠺᠠᠳᠧᠮᠢ》 ᠤᠯᠤᠰ ᠤᠨ ᠲᠥᠰᠥᠪ ᠲᠦ ᠦᠢᠯᠡᠳᠪᠦᠷᠢ ᠶᠢᠨ ᠭᠠᠵᠠᠷ ᠤᠨ ᠲᠥᠯᠥᠭᠡᠯᠡᠯ ᠢᠯᠡᠳᠬᠡᠯ ᠬᠡᠯᠡᠯᠴᠡᠭᠦᠯᠪᠡ


ᠣᠯᠠᠨ ᠤᠯᠤᠰ ᠤᠨ ᠰᠢᠨᠵᠢᠯᠡᠬᠦ ᠤᠬᠠᠭᠠᠨ᠂ ᠢᠨᠵᠧᠨᠧᠷᠴᠢᠯᠡᠯ᠂ ᠲᠧᠭᠨᠣᠯᠣᠭᠢ ᠶᠢᠨ ᠑᠒ ᠳᠠᠬᠢ ᠤᠳᠠᠭ᠎ᠠ ᠶᠢᠨ ᠰᠢᠮᠫᠣᠽᠢᠦᠶᠢᠮ ᠳᠦ (ISCSET) 《ᠣᠯᠠᠨ ᠤᠯᠤᠰ ᠲᠤ ᠬᠡᠷᠡᠭᠵᠢᠭᠦᠯᠵᠦ ᠪᠤᠢ ᠪᠦᠬᠦ ᠨᠡᠶᠢᠲᠡ ᠶᠢᠨ ᠮᠡᠳᠡᠭᠡᠯᠡᠯ᠂ ᠬᠠᠷᠢᠯᠴᠠᠭ᠎ᠠ ᠬᠣᠯᠪᠣᠭ᠎ᠠ᠂ ᠲᠧᠭᠨᠣᠯᠣᠭᠢ ᠶᠢᠨ ᠴᠢᠳᠠᠮᠵᠢ ᠶᠢᠨ ᠪᠦᠲᠦᠴᠡ ᠶᠢᠨ ᠬᠦᠷᠢᠶ᠎ᠡ》 ᠰᠡᠳᠦᠪ ᠢᠶᠡᠷ ᠒᠐᠒᠓ ᠣᠨ ᠤ ᠐᠗ ᠳ᠋ᠤᠭᠠᠷ ᠰᠠᠷ᠎ᠠ ᠶᠢᠨ ᠐᠕-᠐᠗ ᠍ ᠤ ᠬᠣᠭᠣᠷᠣᠨᠳᠣ ᠬᠣᠯᠢᠮᠠᠭ ᠬᠡᠯᠪᠡᠷᠢ ᠪᠡᠷ ᠵᠣᠬᠢᠶᠠᠨ ᠪᠠᠶᠢᠭᠤᠯᠤᠭᠳᠠᠭᠰᠠᠨ ᠣᠯᠠᠨ ᠤᠯᠤᠰ ᠤᠨ ᠬᠤᠷᠠᠯ ᠳᠤ ᠢᠯᠡᠳᠬᠡᠯ ᠬᠡᠯᠡᠯᠴᠡᠭᠦᠯᠪᠡ᠃

ᠲᠤᠰ ᠢᠯᠡᠳᠬᠡᠯ ᠢ 《ᠢ-ᠮᠣᠩᠭᠣᠯ ᠠᠺᠠᠳᠧᠮᠢ》 ᠤᠯᠤᠰ ᠤᠨ ᠲᠥᠰᠥᠪ ᠲᠦ ᠦᠢᠯᠡᠳᠪᠦᠷᠢ ᠶᠢᠨ ᠭᠠᠵᠠᠷ ᠤᠨ ᠴᠠᠬᠢᠮ ᠤᠷ᠎ᠠ ᠴᠢᠳᠠᠪᠤᠷᠢ ᠶᠢᠨ ᠭᠠᠵᠠᠷ ᠤᠨ ᠳᠠᠷᠤᠭ᠎ᠠ ᠸ ∙ ᠯᠤᠲᠤ-ᠣᠴᠢᠷ᠂ ᠮᠡᠷᠭᠡᠵᠢᠯᠲᠡᠨ ᠠ᠊ ∙ ᠵᠣᠯᠵᠠᠶᠠ᠂ ᠪᠣᠯᠪᠠᠰᠤᠷᠠᠯ ᠤᠨ ᠰᠤᠳᠤᠯᠭᠠᠨ ᠤ ᠦᠨᠳᠦᠰᠦᠨ ᠦ ᠬᠦᠷᠢᠶᠡᠯᠡᠩ ᠦᠨ ᠥᠭᠭᠥᠭᠳᠡᠯ ᠦᠨ ᠪᠣᠯᠪᠠᠰᠤᠷᠠᠭᠤᠯᠤᠯᠲᠠ᠂ ᠰᠢᠰᠲ᠋ᠧᠮ ᠬᠥᠭᠵᠢᠭᠦᠯᠦᠯᠲᠡ ᠶᠢᠨ ᠰᠧᠺᠲ᠋ᠣᠷ ᠤᠨ ᠡᠷᠬᠢᠯᠡᠭᠴᠢ ᠪ ∙ ᠪᠤᠶᠠᠨᠳᠡᠯᠭᠡᠷ᠂ ᠡᠷᠳᠡᠮ ᠰᠢᠨᠵᠢᠯᠡᠭᠡᠨ ᠦ ᠠᠵᠢᠯᠲᠠᠨ ᠪ ∙ ᠨᠢᠮᠠᠰᠦ᠋ᠷᠦᠩ ᠨᠠᠷ ᠬᠠᠮᠲᠤᠷᠠᠨ ᠪᠡᠯᠡᠳᠬᠡᠭᠰᠡᠨ ᠪᠠᠶᠢᠨ᠎ᠠ᠃

ᠣᠯᠠᠨ ᠤᠯᠤᠰ ᠤᠨ ᠰᠢᠨᠵᠢᠯᠡᠬᠦ ᠤᠬᠠᠭᠠᠨ᠂ ᠢᠨᠵᠧᠨᠧᠷᠴᠢᠯᠡᠯ᠂ ᠲᠧᠭᠨᠣᠯᠣᠭᠢ ᠶᠢᠨ ᠰᠢᠮᠫᠣᠽᠢᠦᠶᠢᠮ (ISCSET) ᠨᠢ ᠒᠐᠑᠑ ᠣᠨ ᠳᠤ ᠬᠣᠶᠠᠷ ᠶᠡᠬᠡ ᠰᠤᠷᠭᠠᠭᠤᠯᠢ ᠶᠢᠨ ᠵᠤᠨ ᠤ ᠰᠤᠷᠭᠠᠭᠤᠯᠢ ᠪᠠᠷ ᠡᠬᠢᠯᠡᠭᠰᠡᠨ ᠪᠥᠭᠡᠳ ᠵᠢᠯ ᠡᠴᠡ ᠵᠢᠯ ᠳᠦ ᠥᠷᠥᠭᠵᠢᠨ ᠲᠡᠯᠡᠵᠦ᠂ ᠒᠐᠑᠔ ᠣᠨ ᠳᠤ ᠮᠣᠩᠭᠣᠯ᠂ ᠭᠧᠷᠮᠠᠨ᠂ ᠣᠷᠣᠰ᠂ ᠬᠢᠲᠠᠳ ᠤᠯᠤᠰ ᠤᠨ ᠶᠡᠬᠡ ᠳᠡᠭᠡᠳᠦ ᠰᠤᠷᠭᠠᠭᠤᠯᠢ ᠨᠤᠭᠤᠳ ᠤᠨ ᠬᠣᠭᠣᠷᠣᠨᠳᠣ ᠬᠠᠮᠲᠤ ᠶᠢᠨ ᠠᠵᠢᠯᠯᠠᠭ᠎ᠠ ᠪᠤᠢ ᠪᠣᠯᠵᠠᠢ᠃ ᠡᠭᠦᠨ ᠦ ᠳᠠᠷᠠᠭ᠎ᠠ ᠪᠠᠷ ᠵᠤᠨ ᠤ ᠰᠤᠷᠭᠠᠭᠤᠯᠢ ᠶᠢ ᠰᠢᠮᠫᠣᠽᠢᠤᠮ ᠤᠨ ᠲᠦᠪᠰᠢᠨ ᠳᠦ ᠬᠦᠷᠲᠡᠯ᠎ᠡ ᠰᠤᠩᠭᠠᠭᠰᠠᠨ᠃

ISCSET ᠨᠢ ᠰᠢᠨᠵᠢᠯᠡᠬᠦ ᠤᠬᠠᠭᠠᠨ᠂ ᠺᠣᠮᠫᠢᠶᠦ᠋ᠲ᠋ᠧᠷ ᠤᠨ ᠢᠨᠵᠧᠨᠧᠷᠴᠢᠯᠡᠯ᠂ ᠪᠣᠯᠪᠠᠰᠤᠷᠠᠯ ᠤᠨ ᠲᠧᠭᠨᠣᠯᠣᠭᠢ ᠭᠡᠰᠡᠨ ᠭᠤᠷᠪᠠᠨ ᠦᠨᠳᠦᠰᠦᠨ ᠴᠢᠭᠯᠡᠯ ᠢ ᠬᠠᠮᠤᠷᠳᠠᠭ᠃ ᠲᠧᠭᠨᠣᠯᠣᠭᠢ ᠶᠢᠨ ᠬᠥᠭᠵᠢᠯ ᠢ ᠳᠡᠮᠵᠢᠬᠦ ᠶᠢᠨ ᠲᠤᠯᠠᠳᠠ ᠮᠠᠰᠢ ᠰᠠᠶᠢᠨ ᠢᠨᠵᠧᠨᠧᠷ᠂ ᠡᠷᠳᠡᠮᠲᠡᠳ ᠬᠡᠷᠡᠭᠲᠡᠢ᠃ ᠡᠶᠢᠮᠦ ᠳᠦ ᠳᠡᠭᠡᠳᠦ ᠪᠣᠯᠪᠠᠰᠤᠷᠠᠯ ᠲᠡᠷᠡ ᠳᠤᠮᠳᠠ ᠪᠠᠨ ᠢᠨᠵᠧᠨᠧᠷ ᠦᠨ ᠪᠣᠯᠪᠠᠰᠤᠷᠠᠯ ᠰᠤᠷᠭᠠᠯᠲᠠ ᠶᠢᠨ ᠦᠢᠯᠡ ᠠᠵᠢᠯᠯᠠᠭᠠᠨ ᠳᠤ ᠣᠷᠴᠢᠨ ᠦᠶ᠎ᠡ ᠶᠢᠨ ᠠᠷᠭ᠎ᠠ᠂ ᠲᠧᠭᠨᠣᠯᠣᠭᠢ ᠶᠢ ᠨᠡᠪᠲᠡᠷᠡᠭᠦᠯᠬᠦ ᠱᠠᠭᠠᠷᠳᠠᠯᠭ᠎ᠠ ᠲᠠᠢ ᠭᠡᠵᠦ ᠦᠵᠡᠳᠡᠭ ᠪᠠᠶᠢᠨ᠎ᠠ᠃ ᠲᠡᠶᠢᠮᠦ ᠡᠴᠡ ᠴᠢᠨᠠᠭᠰᠢᠳᠠ ᠬᠡᠷᠡᠭᠵᠢᠬᠦ ᠲᠥᠰᠥᠯ ᠬᠥᠲᠥᠯᠪᠦᠷᠢ᠂ ᠢᠷᠡᠭᠡᠳᠦᠢ ᠶᠢᠨ ᠴᠢᠭ ᠬᠠᠨᠳᠤᠯᠭ᠎ᠠ ᠪᠠᠨ ᠳᠡᠭᠡᠷ᠎ᠡ ᠳᠤᠷᠠᠳᠤᠭᠰᠠᠨ ᠠᠰᠠᠭᠤᠳᠠᠯ ᠤᠳ ᠷᠤ ᠴᠢᠭᠯᠡᠭᠦᠯᠬᠦ ᠶᠢ ᠵᠣᠷᠢᠵᠤ ᠪᠠᠶᠢᠭ᠎ᠠ ᠠᠵᠢ᠃

ᠳᠠᠰᠢᠷᠠᠮ ᠳᠤ ᠳᠤᠷᠠᠳᠬᠤ ᠳᠤ ᠲᠤᠰ ᠣᠯᠠᠨ ᠤᠯᠤᠰ ᠤᠨ ᠬᠤᠷᠠᠯ ᠢ ᠢᠷᠡᠬᠦ ᠵᠢᠯ IEEE ᠬᠤᠷᠠᠯ ᠪᠣᠯᠭᠠᠨ ᠵᠣᠬᠢᠶᠠᠨ ᠪᠠᠶᠢᠭᠤᠯᠬᠤ ᠡᠷᠬᠡ ᠪᠡᠨ ᠠᠪᠴᠠᠢ᠃ ᠣᠯᠠᠨ ᠤᠯᠤᠰ ᠤᠨ ᠰᠢᠨᠵᠢᠯᠡᠬᠦ ᠤᠬᠠᠭᠠᠨ᠂ ᠢᠨᠵᠧᠨᠧᠷᠴᠢᠯᠡᠯ᠂ ᠲᠧᠭᠨᠣᠯᠣᠭᠢ ᠶᠢᠨ ᠰᠢᠮᠫᠣᠽᠢᠤᠮ ᠤᠨ (ISCSET) ᠲᠠᠯᠠᠭᠠᠷᠬᠢ ᠮᠡᠳᠡᠭᠡᠯᠡᠯ ᠢ ᠡᠨᠳᠡ ᠳᠠᠷᠤᠵᠤ ᠠᠪᠬᠤ ᠪᠣᠯᠤᠮᠵᠢ ᠲᠠᠢ᠃

ᠨᠡᠶᠢᠲᠡᠯᠡᠭᠰᠡᠨ᠄