ᠢᠬᠡᠷ᠎ᠡ ᠬᠡᠦᠬᠡᠳ ᠦᠨ ᠲᠡᠳᠬᠦᠮᠵᠢ ᠶᠢᠨ ᠦᠢᠯᠡᠴᠢᠯᠡᠭᠡ ᠴᠠᠬᠢᠮᠵᠢᠯ᠎ᠠ


ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠤ ᠰᠤᠳᠤᠯᠭ᠎ᠠ ᠪᠠᠷ 2024 ᠣᠨ ᠤ ᠡᠬᠢᠨ ᠦ ᠬᠠᠭᠠᠰ ᠵᠢᠯ ᠦᠨ ᠪᠠᠶᠢᠳᠠᠯ ᠢᠶᠠᠷ ᠮᠠᠨ ᠤ ᠤᠯᠤᠰ ᠤᠨ ᠨᠡᠶᠢᠲᠡ ᠬᠦᠮᠦᠨ ᠠᠮᠠ ᠶᠢᠨ 1.3 ᠰᠠᠶ᠎ᠠ ᠪᠤᠶᠤ 36.3 ᠬᠤᠪᠢ ᠨᠢ 0-17 ᠬᠦᠷᠲᠡᠯᠡᠬᠢ ᠨᠠᠰᠤᠨ ᠤ ᠬᠡᠦᠬᠡᠳ ᠦᠳ ᠪᠠᠶᠢᠨ᠎ᠠ᠃ ᠬᠡᠦᠬᠡᠳ ᠦᠳ ᠦᠨ 51.4 ᠬᠤᠪᠢ ᠨᠢ ᠡᠷᠡᠭᠲᠡᠢ᠂ 48.6 ᠬᠤᠪᠢ ᠨᠢ ᠡᠮᠡᠭᠲᠡᠢ ᠪᠠᠶᠢᠨ᠎ᠠ᠃

ᠤᠯᠤᠰ ᠤᠨ ᠬᠡᠮᠵᠢᠶᠡᠨ ᠳᠦ ᠨᠡᠶᠢᠲᠡ 21 277 ᠢᠬᠡᠷ᠎ᠡ ᠬᠡᠦᠬᠡᠳ ᠪᠠᠶᠢᠭ᠎ᠠ ᠠᠴᠠ 2 ᠢᠬᠡᠷ᠎ᠡ 20 852᠂ 3 ᠢᠬᠡᠷ᠎ᠡ 402᠂ 4 ᠪᠠ ᠲᠡᠭᠦᠨ ᠡᠴᠡ ᠳᠡᠭᠡᠭᠰᠢ ᠢᠬᠡᠷ᠎ᠡ ᠬᠡᠦᠬᠡᠳ 23 ᠪᠠᠶᠢᠨ᠎ᠠ᠃

ᠵᠠᠰᠠᠭ ᠤᠨ ᠭᠠᠵᠠᠷ ᠤᠨ 2012 ᠣᠨ ᠤ ᠠᠷᠪᠠᠨᠨᠢᠭᠡᠳᠦᠭᠡᠷ ᠰᠠᠷ᠎ᠠ ᠶᠢᠨ 24 ᠍ ᠦ ᠡᠳᠦᠷ ᠦᠨ 134 ᠳᠦᠭᠡᠷ ᠲᠣᠭᠲᠠᠭᠠᠯ ᠢᠶᠠᠷ ᠳᠥᠷᠪᠡ ᠬᠦᠷᠲᠡᠯᠡᠬᠢ ᠨᠠᠰᠤᠨ ᠤ ᠬᠣᠶᠠᠷ ᠢᠬᠡᠷ᠎ᠡ ᠬᠡᠦᠬᠡᠳ ᠲᠤᠰ ᠪᠦᠷᠢ ᠳᠦ ᠨᠢᠭᠡ ᠤᠳᠠᠭ᠎ᠠ ᠨᠢᠭᠡ ᠰᠠᠶ᠎ᠠ ᠲᠥᠭᠥᠷᠢᠭ᠂ ᠮᠥᠨ ᠳᠥᠷᠪᠡ ᠬᠦᠷᠲᠡᠯᠡᠬᠢ ᠨᠠᠰᠤᠨ ᠤ ᠭᠤᠷᠪᠠᠨ ᠢᠬᠡᠷ᠎ᠡ ᠬᠡᠦᠬᠡᠳ ᠲᠤᠰ ᠪᠦᠷᠢ ᠳᠦ ᠭᠤᠷᠪᠠᠨ ᠰᠠᠶ᠎ᠠ ᠲᠥᠭᠥᠷᠢᠭ ᠣᠯᠭᠤᠬᠤ ᠪᠠᠷ ᠲᠣᠭᠲᠠᠭᠠᠭᠰᠠᠨ ᠪᠠᠶᠢᠳᠠᠭ᠃

ᠬᠥᠳᠡᠯᠮᠦᠷᠢ᠂ ᠬᠠᠯᠠᠮᠵᠢ ᠶᠢᠨ ᠦᠢᠯᠡᠴᠢᠯᠡᠭᠡᠨ ᠦ ᠭᠠᠵᠠᠷ ᠲᠠᠢ ᠬᠠᠮᠲᠤᠷᠠᠨ ᠢᠬᠡᠷ᠎ᠡ ᠬᠡᠦᠬᠡᠳ ᠦᠨ ᠲᠡᠳᠬᠦᠮᠵᠢ ᠶᠢᠨ ᠦᠢᠯᠡᠴᠢᠯᠡᠭᠡ ᠶᠢ ᠴᠠᠬᠢᠮᠵᠢᠭᠤᠯᠤᠯ᠎ᠠ᠃

ᠡᠭᠦᠨ ᠳᠦ᠄
– 4 ᠬᠦᠷᠲᠡᠯᠡᠬᠢ ᠨᠠᠰᠤᠨ ᠤ ᠬᠣᠶᠠᠷ ᠢᠬᠡᠷ᠎ᠡ ᠬᠡᠦᠬᠡᠳ ᠲᠥᠷᠦᠭᠦᠯᠵᠦ ᠪᠠᠶᠢᠭ᠎ᠠ ᠡᠷᠦᠬᠡ᠂ ᠢᠷᠭᠡᠨ ᠳᠦ ᠣᠯᠭᠣᠬᠤ ᠲᠡᠳᠬᠦᠮᠵᠢ
– 4 ᠬᠦᠷᠲᠡᠯᠡᠬᠢ ᠨᠠᠰᠤᠨ ᠤ ᠭᠤᠷᠪᠠ ᠪᠠ ᠲᠡᠭᠦᠨ ᠡᠴᠡ ᠳᠡᠭᠡᠭᠰᠢ ᠢᠬᠡᠷ᠎ᠡ ᠬᠡᠦᠬᠡᠳ ᠲᠥᠷᠦᠭᠦᠯᠵᠦ ᠡᠰᠡᠨ ᠮᠡᠨᠳᠦ ᠥᠰᠬᠡᠵᠦ ᠪᠠᠶᠢᠭ᠎ᠠ ᠡᠷᠦᠬᠡ᠂ ᠢᠷᠭᠡᠨ ᠳᠦ ᠣᠯᠭᠣᠬᠤ ᠲᠡᠳᠬᠦᠮᠵᠢ ᠶᠢᠨ ᠦᠢᠯᠡᠴᠢᠯᠡᠭᠡᠨ ᠨᠦᠭᠦᠳ ᠢ ᠲᠥᠷᠥ ᠶᠢᠨ ᠦᠢᠯᠡᠴᠢᠯᠡᠭᠡᠨ ᠦ ᠨᠢᠭᠡᠳᠦᠭᠰᠡᠨ ᠰᠢᠰᠲ᠋ᠧᠮ E-Mongolia ᠍ ᠠᠴᠠ ᠠᠪᠬᠤ ᠪᠣᠯᠤᠮᠵᠢ ᠲᠠᠢ ᠪᠣᠯᠤᠯ᠎ᠠ᠃

ᠦᠢᠯᠡᠴᠢᠯᠡᠭᠡ ᠶᠢ ᠠᠪᠬᠤ ᠶᠢᠨ ᠲᠤᠯᠠᠳᠠ 《E-Mongolia》 ᠠᠫᠫᠯᠢᠭ ᠢᠶᠢᠰᠢᠨ ᠳᠤ ᠥᠪᠡᠷ ᠦᠨ ᠪᠦᠷᠢᠳᠬᠡᠯ ᠢᠶᠡᠷ ᠢᠶᠡᠨ ᠨᠡᠪᠲᠡᠷᠡᠨ ᠣᠷᠣᠵᠤ ᠬᠠᠶᠢᠯᠲᠠ ᠶᠢᠨ ᠬᠡᠰᠡᠭ ᠲᠦ ᠦᠢᠯᠡᠴᠢᠯᠡᠭᠡᠨ ᠦ ᠨᠡᠷ᠎ᠡ ᠶᠢ ᠣᠷᠣᠭᠤᠯᠤᠨ ᠬᠠᠶᠢᠯᠲᠠ ᠬᠢᠭᠰᠡᠨ ᠢᠶᠡᠷ ᠲᠤᠰ ᠦᠢᠯᠡᠴᠢᠯᠡᠭᠡᠨ ᠨᠦᠭᠦᠳ ᠢ ᠠᠪᠬᠤ ᠶᠤᠮ᠃
ᠲᠤᠰ ᠦᠢᠯᠡᠴᠢᠯᠡᠭᠡ ᠶᠢ ᠵᠥᠪᠬᠡᠨ ᠭᠠᠷ ᠤᠲᠠᠰᠤᠨ ᠤ ᠠᠫᠫᠯᠢᠭ ᠢᠶᠢᠰᠢᠨ ᠡᠴᠡ ᠠᠪᠬᠤ ᠪᠣᠯᠤᠮᠵᠢ ᠲᠠᠢ᠃

ᠨᠡᠶᠢᠲᠡᠯᠡᠭᠰᠡᠨ᠄