ᠮᠣᠩᠭᠣᠯ ᠤᠯᠤᠰ ᠤᠨ ᠶᠡᠬᠡ ᠬᠤᠷᠠᠯ ᠤᠨ ᠶᠢᠰᠦ ᠳ᠋ᠡᠬᠢ ᠤᠳᠠᠭ᠎ᠠ ᠶᠢᠨ ᠰᠣᠩᠭᠣᠭᠤᠯᠢ ᠪᠠᠷ ᠪᠠᠶᠢᠭᠤᠯᠤᠭᠳᠠᠭᠰᠠᠨ ᠤᠯᠤᠰ ᠤᠨ ᠶᠡᠬᠡ ᠬᠤᠷᠠᠯ ᠤᠨ 11 ᠪᠠᠶᠢᠩᠭᠤ ᠶᠢᠨ ᠬᠣᠷᠢᠶᠠᠨ ᠤ ᠨᠢᠭᠡ ᠪᠣᠯᠬᠤ ᠢᠨᠨᠣᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠪᠠᠷ ᠤᠯᠤᠰ ᠤᠨ ᠶᠡᠬᠡ ᠬᠤᠷᠠᠯ ᠤᠨ ᠭᠡᠰᠢᠭᠦᠨ ᠵ ∙ ᠵᠣᠯᠵᠢᠷᠭᠠᠯ ᠲᠣᠮᠢᠯᠠᠭᠳᠠᠭᠰᠠᠨ ᠲᠠᠢ ᠬᠣᠯᠪᠣᠭᠳᠠᠭᠤᠯᠤᠨ ЦХИХХ ᠶᠠᠮᠤᠨ ᠤ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ ᠤᠨ ᠤᠳᠤᠷᠢᠳᠤᠯᠭ᠎ᠠ᠂ ᠠᠯᠪᠠᠨ ᠬᠠᠭᠠᠭᠴᠢᠳ ᠲᠠᠢ ᠠᠭᠤᠯᠵᠠᠵᠤ᠂ ᠬᠢᠵᠦ ᠬᠡᠷᠡᠭᠵᠢᠭᠦᠯᠵᠦ ᠪᠤᠢ ᠠᠵᠢᠯ ᠤᠨ ᠣᠳᠣ ᠶᠢᠨ ᠨᠥᠬᠥᠴᠡᠯ ᠪᠠᠶᠢᠳᠠᠯ᠂ ᠳᠠᠪᠠᠭᠤ ᠲᠠᠯ᠎ᠠ᠂ ᠣᠨᠴᠠᠯᠢᠭ ᠴᠢᠨᠠᠭᠰᠢᠳᠠ ᠬᠡᠷᠡᠭᠵᠢᠭᠦᠯᠬᠦ ᠪᠡᠷ ᠲᠥᠯᠥᠪᠯᠡᠵᠦ ᠪᠤᠢ ᠠᠵᠢᠯ ᠤᠳ ᠲᠠᠢ ᠲᠠᠨᠢᠯᠴᠠᠨ᠂ ᠰᠠᠨᠠᠯ ᠰᠣᠯᠢᠯᠴᠠᠵᠤ ᠪᠠᠶᠢᠭ᠎ᠠ ᠪᠢᠯᠡ᠃
ᠳᠡᠭᠡᠷᠡᠬᠢ ᠠᠵᠢᠯ ᠤᠨ ᠬᠦᠷᠢᠶᠡᠨ ᠳᠦ ᠥᠨᠥᠳᠥᠷ /2024.08.27/ 《ᠢ-ᠮᠣᠩᠭᠣᠯ ᠠᠺᠠᠳᠧᠮᠢ》 УТҮГ ᠍ ᠤᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠤᠳᠤᠷᠢᠳᠤᠯᠭ᠎ᠠ ᠠᠯᠪᠠᠨ ᠬᠠᠭᠠᠭᠴᠢᠳ ᠲᠠᠢ ᠠᠭᠤᠯᠵᠠᠯᠲᠠ ᠬᠢᠪᠡ᠃
ᠠᠭᠤᠯᠵᠠᠯᠲᠠ ᠳᠤ ᠮᠣᠩᠭᠣᠯ ᠤᠯᠤᠰ ᠤᠨ ᠶᠡᠬᠡ ᠬᠤᠷᠠᠯ ᠤᠨ ᠭᠡᠰᠢᠭᠦᠨ᠂ ᠮᠣᠩᠭᠣᠯ ᠤᠯᠤᠰ ᠤᠨ ᠶᠡᠬᠡ ᠬᠤᠷᠠᠯ ᠤᠨ ᠢᠨᠨᠣᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠵ ∙ ᠵᠣᠯᠵᠢᠷᠭᠠᠯ᠂ ᠲᠡᠭᠦᠨ ᠦ ᠠᠯᠪᠠᠨ ᠤ ᠲᠥᠯᠥᠭᠡᠯᠡᠯ ᠦᠳ᠂ 《ᠢ-ᠮᠣᠩᠭᠣᠯ ᠠᠺᠠᠳᠧᠮᠢ》 УТҮГ ᠍ ᠤᠨ ᠵᠠᠬᠢᠷᠤᠯ ᠪ ∙ ᠮᠢᠭᠮᠠᠷᠨᠠᠷᠠᠨ ᠪᠣᠯᠤᠨ ᠭᠠᠵᠠᠷ᠂ ᠬᠡᠯᠲᠡᠰ ᠦᠨ ᠳᠠᠷᠤᠭ᠎ᠠ ᠨᠠᠷ ᠰᠠᠨᠠᠯ ᠰᠣᠯᠢᠯᠴᠠᠯ᠎ᠠ᠃
ᠰᠠᠨᠠᠯ ᠰᠤᠯᠢᠯᠴᠠᠬᠤ ᠦᠶ᠎ᠡ ᠪᠡᠷ 《ᠢ-ᠮᠣᠩᠭᠣᠯ ᠠᠺᠠᠳᠧᠮᠢ》 УТҮГ ᠍ ᠶᠢᠨ ᠬᠠᠮᠲᠤ ᠣᠯᠣᠩ ᠳᠤ ᠡᠭᠦᠷᠭᠡ ᠴᠢᠭᠯᠡᠯ ᠦᠨ ᠢᠶᠡᠨ ᠬᠦᠷᠢᠶᠡᠨ ᠳᠦ ᠮᠠᠰᠢ ᠰᠠᠶᠢᠨ ᠠᠵᠢᠯᠯᠠᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠵᠦ ᠮᠥᠨ ᠦᠢᠯᠡᠴᠢᠯᠡᠭᠡ ᠶᠢ ᠢᠷᠭᠡᠳ ᠡᠳᠦᠷ ᠲᠤᠲᠤᠮ ᠤᠨ ᠠᠮᠢᠳᠤᠷᠠᠯ ᠳᠤ ᠪᠠᠨ ᠠᠰᠢᠭᠯᠠᠬᠤ ᠪᠣᠯᠤᠮᠵᠢ ᠶᠢ ᠰᠠᠶᠢᠵᠢᠷᠠᠭᠤᠯᠵᠤ ᠨᠡᠮᠡᠭᠳᠡᠭᠦᠯᠬᠦ ᠶᠢᠨ ᠲᠤᠯᠠᠳᠠ ᠬᠠᠤᠯᠢ ᠡᠷᠬᠡ ᠵᠦᠢ ᠶᠢᠨ ᠤᠷᠴᠢᠨ ᠳᠤ ᠨᠢ ᠠᠩᠬᠠᠷᠴᠤ ᠠᠵᠢᠯᠯᠠᠬᠤ ᠪᠠᠨ ᠢᠯᠡᠷᠬᠡᠶᠢᠯᠡᠵᠦ᠂ ᠰᠠᠨᠠᠯ ᠵᠥᠪᠯᠡᠮᠵᠢ ᠶᠢ ᠥᠭᠪᠡ᠃
ᠮᠣᠩᠭᠣᠯ ᠤᠯᠤᠰ ᠤᠨ ᠶᠡᠬᠡ ᠬᠤᠷᠠᠯ ᠤᠨ ᠭᠡᠰᠢᠭᠦᠨ᠂ ᠤᠯᠤᠰ ᠤᠨ ᠶᠡᠬᠡ ᠬᠤᠷᠠᠯ ᠤᠨ ᠢᠨᠨᠣᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠵ ∙ ᠵᠣᠯᠵᠢᠷᠭᠠᠯ 《ᠢ-ᠮᠣᠩᠭᠣᠯ ᠠᠺᠠᠳᠧᠮᠢ》 УТҮГ ᠍ ᠤᠨ ᠦᠢᠯᠡ ᠠᠵᠢᠯᠯᠠᠭ᠎ᠠ ᠲᠠᠢ ᠲᠠᠨᠢᠯᠴᠠᠯ᠎ᠠ
ᠨᠡᠶᠢᠲᠡᠯᠡᠭᠰᠡᠨ᠄