ᠳᠡᠯᠡᢈᠡᠢ ᠶ᠋ᠢᠨ ᠪᠠᠩᠻᠢ ᠶ᠋ᠢᠨ ᠰᠠᠩᢈᠦᠵᠢᠯᠲᠡ ᠪᠡᠷ ᠴᠠᢈᠢᠮ ᢈᠥᢉᠵᠢᠯ᠂ ᠢᠨ᠋ ᠨᠣᠸᠠᠼ᠂ ᠬᠠᠷᠢᠯᠴᠠᠭᠠ ᠬᠣᠯᠪᠤᠭᠠᠨ ᠤ᠋ ᠶᠠᠮᠤᠨ ᠤ᠋ ᢈᠡᠷᠡᢉᠵᠢᢉᠦᠯᠵᠦ ᠪᠤᠢ “ᠤᠬᠠᠭᠠᠯᠢᠭ ᠵᠠᠰᠠᠭ ᠒” ᠲᠥᠰᠦᠯ ᠦ᠋ᠨ ᢈᠦᠷᠢᠶᠡᠨ ᠳ᠋ᠦ ᠢᠷᢉᠡᠳ ᠦ᠋ᠨ ᠴᠠᢈᠢᠮ ᠤᠷᠠ ᠴᠢᠳᠠᠪᠤᠷᠢ ᠶ᠋ᠢ ᠨᠡᠮᠡᢉᠳᠡᢉᠦᠯᢈᠦ᠂ ᠨᠡᠶᠢᢉᠡᠮ ᠦ᠋ᠨ ᢈᠥᠨᠳᠡᢉᠳᠡᠳᠡᢉ ᠦᢉᠡᠢ ᠲᠣᠮᠤᠬᠠᠨ ᠠᠰᠠᠭᠤᠳᠠᠯ ᠪᠣᠯᠬᠤ ᠵᠠᠯᠠᠭᠤ ᠪᠣᠯᠤᠨ ᠠᠬᠠᠮᠠᠳ ᠦᠶᠡ ᠶ᠋ᠢᠨ ᠴᠠᢈᠢᠮ ᠬᠤᠪᠢᠶᠠᠭᠳᠠᠯ ᠤ᠋ᠨ ᠬᠠᠷᠢᠯᠴᠠᠨ ᠣᠶᠢᠯᠠᠭᠠᠯᠴᠠᠯ ᠢ᠋ ᠰᠠᠶᠢᠵᠢᠷᠠᠭᠤᠯᠬᠤ ᠠᠴᠢ ᠬᠣᠯᠪᠤᠭᠳᠠᠯ ᠪᠦᢈᠦᠢ “ᠦᠨᠳᠦᠰᠦᠨ ᠦ᠋ ᠴᠠᢈᠢᠮ ᠡᠯᠴᠢ” ᠪᠤᠶᠤ “Digital Nation Ambassador” ᢈᠥᠲᠦᠯᠪᠦᠷᠢ ᠶ᠋ᠢᠨ ᠨᠡᢉᠡᢉᠡᠯᠲᠡ ᠶ᠋ᠢᠨ ᠦᠶᠢᠯᠡ ᠠᠵᠢᠯᠯᠠᠭᠠ /᠒᠐᠒᠔᠂᠐᠙᠂᠒᠕/ ᠪᠣᠯᠤᠯᠤᠭᠠ᠃
ᠨᠡᢉᠡᢉᠡᠯᠲᠡ ᠶ᠋ᠢᠨ ᠦᠶᠢᠯᠡ ᠠᠵᠢᠯᠯᠠᠭᠠᠨ ᠳ᠋ᠤ “ᠢ᠆ ᠮᠣᠩᠭᠤᠯ ᠠᠻᠠᠳ᠋ᠧᠮᠢ” ᠤᠲᠤᠭ ᠤ᠋ᠨ ᠵᠠᢈᠢᠷᠤᠯ ᠪ᠃ᠮᠢᠭᠮᠠᠷᠨᠠᠷᠠᠨ “ᠢ᠆ ᠮᠣᠩᠭᠤᠯ ᠠᠻᠠᠳ᠋ᠧᠮᠢ” ᠤᠲᠤᠭ ᠤ᠋ᠨ ᠰᠤᠷᠭᠠᠯᠲᠠ᠂ ᠦᠶᠢᠯᠡ ᠠᠵᠢᠯᠯᠠᠭᠠ ᠪᠣᠯᠤᠨ ᠠᠬᠠᠮᠠᠳ ᠨᠠᠰᠤᠲᠠᠨ ᠤ᠋ ᠴᠠᢈᠢᠮ ᠤᠷᠠ ᠴᠢᠳᠠᠪᠤᠷᠢ ᠶ᠋ᠢ ᠳᠡᢉᠡᢉᠰᠢᠯᠡᢉᠦᠯᢈᠦ ᠳ᠋ᠦ ᠳᠡᠮᠵᠢᠯᢉᠡ ᠦᠵᠡᢉᠦᠯᢈᠦ ᠲᠠᠯᠠᠭᠠᠷ ᠢᠯᠡᠳᢈᠡᠯ ᠲᠠᠨᠢᠯᠴᠠᠭᠤᠯᠪᠠ᠃
“ᠤᠬᠠᠭᠠᠯᠢᠭ ᠵᠠᠰᠠᠭ ᠒” ᠲᠥᠰᠦᠯ ᠦ᠋ᠨ ᢈᠦᠷᠢᠶ ᠡᠨ ᠳ᠋ᠦ ᠢ ᠮᠣᠩᠭᠤᠯ ᠠᠻᠠᠳ᠋ᠧᠮᠢ” ᠤ᠂ᠬᠤᠭ ᠤ᠋ᠨ ᠴᠠᢈᠢᠮ ᠤᠷᠠ ᠴᠢᠳᠠᠪᠤᠷᠢ ᠶ᠋ᠢᠨ ᠭᠠᠵᠠᠷ ᠠ᠋ᠴᠠ ᠮᠡᠷᢉᠡᠵᠢᠯ ᠠᠷᠭᠠ ᠵᠦᠢ ᠶ᠋ᠢᠨ ᠳᠡᠮᠵᠢᠯᢉᠡ ᠦᠵᠡᢉᠦᠯᠵᠦ᠂ ᠑᠕᠐ ᠰᠤᠷᠭᠠᠭᠴᠢ ᠪᠠᠭᠰᠢ ᠪᠡᠯᠡᠳᢈᠡᠵᠦ ᠪᠠᠶᠢᠭᠠ ᠪᠥᢉᠡᠳ ᠰᠠᠶᠢᠨ ᠳᠤᠷᠠ ᠶ᠋ᠢᠨ “ᠦᠨᠳᠦᠰᠦᠨ ᠦ᠋ ᠴᠠᢈᠢᠮ ᠡᠯᠴᠢ” ᠨᠠᠷᠠ ᠨᠢ ᠭᠤᠷᠪᠠᠨ ᠰᠠᠷᠠ ᠶ᠋ᠢᠨ ᠬᠤᠭᠤᠴᠠᠭᠠᠨ ᠳ᠋ᠤ ᠤᠯᠠᠭᠠᠨᠪᠠᠭᠠᠲᠤᠷ ᠬᠣᠲᠠ ᠶ᠋ᠢᠨ ᠙ ᠳᠡᢉᠦᠷᢉᠡ᠂ ᠣᠷᠤᠨ ᠨᠤᠲᠤᠭ ᠤ᠋ᠨ ᠑᠐᠐᠐ ᠠᠬᠠᠮᠠᠳ ᠲᠤ ᢈᠦᠷᠴᠦ ᠠᠵᠢᠯᠯᠠᠬᠤ ᠪᠠᠷ ᠲᠥᠯᠦᠪᠯᠡᠵᠦ ᠪᠠᠶᠢᠨᠠ᠃
ᠴᠠᢈᠢᠮ ᠤᠷᠠ ᠴᠢᠳᠠᠪᠤᠷᠢ ᠶ᠋ᠢᠨ ᠰᠤᠷᠭᠠᠯᠲᠠ ᠶ᠋ᠢ ᠪᠠᠶᠢᠭᠤᠯᠤᠯᠭᠠ᠂ ᠬᠠᠮᠲᠤ ᠣᠯᠠᠨ ᠢ᠋ᠶᠠᠷ ᠢ᠋ᠶᠠᠨ ᠠᠪᠬᠤ ᠶ᠋ᠢ ᢈᠦᠰᠡᠪᠡᠯ ᠪᠢᠳᠡᠨ ᠲᠡᠢ ᠬᠣᠯᠪᠤᠭᠳᠠᠨᠠ ᠤ᠋ᠤ᠃
ᠬᠣᠯᠪᠤᠭᠠ ᠪᠠᠷᠢᠬᠤ ᠤᠲᠠᠰᠤ: ᠗᠗᠑᠑᠑᠑᠙᠗᠒᠓
ᠢ᠆ ᠮᠧᠶᠢᠯ ᠬᠠᠶᠢᠭ: digitalskill@ema᠃gov᠃mn