ᠨᠡᠶᠢᢉᠡᠮ ᠦ᠋ᠨ ᠬᠠᠯᠠᠮᠵᠢ ᠶ᠋ᠢᠨ ᢈᠥᢉᠵᠢᠯ ᠦ᠋ᠨ ᠪᠡᠷᢈᠡᠰᠢᠶᠡᠯ ᠲᠡᠢ ᠢᠷᢉᠡᠨ ᠦ᠋ ᠲᠡᠳᢈᠦᠪᠦᠷᠢ ᠶ᠋ᠢᠨ ᢈᠦᠰᠡᠯᠲᠡ ᠢᠯᠡᢉᠡᢈᠦ ᠦᠶᠢᠯᠡᠴᠢᠯᠡᢉᠡ ᠴᠠᢈᠢᠮᠵᠢᠯ᠎ᠠ


“ᠢ᠆ ᠮᠣᠩᠭᠤᠯ ᠠᠻᠠᠳ᠋ᠧᠮᠢ” ᠤᠲᠤᠭ᠂ ᢈᠥᠳᠡᠯᠮᠦᠷᠢ᠂ ᠬᠠᠯᠠᠮᠵᠢ ᠶ᠋ᠢᠨ ᠦᠶᠢᠯᠡᠴᠢᠯᠡᢉᠡᠨ ᠦ᠋ ᠭᠠᠵᠠᠷ ᠲᠠᠢ ᠬᠠᠮᠲᠤᠷᠠᠨ ᠨᠡᠶᠢᢉᠡᠮ ᠦ᠋ᠨ ᠬᠠᠯᠠᠮᠵᠢ ᠶ᠋ᠢᠨ ᢈᠥᢉᠵᠢᠯ ᠦ᠋ᠨ ᠪᠡᠷᢈᠡᠰᠢᠶᠡᠯ ᠲᠡᠢ ᠢᠷᢉᠡᠨ ᠦ᠋ ᠲᠡᠳᢈᠦᠪᠦᠷᠢ ᠶ᠋ᠢᠨ ᢈᠦᠰᠡᠯᠲᠡ ᠢᠯᠡᢉᠡᢈᠦ ᠦᠶᠢᠯᠡᠴᠢᠯᠡᢉᠡ ᠶ᠋ᠢ ᠴᠠᢈᠢᠮᠵᠢᠭᠤᠯᠤᠯ᠎ᠠ᠃

ᠦᠶᠢᠯᠡᠴᠢᠯᠡᢉᠡ ᠶ᠋ᠢ ᠠᠪᠬᠤ ᠶ᠋ᠢᠨ ᠲᠤᠯᠠᠳᠠ “E᠓᠆Mongolia” ᠰᠢᠰᠲ᠋ᠧᠮ ᠳ᠋ᠦ ᠥᠪᠡᠷ ᠦ᠋ᠨ ᠪᠦᠷᠢᠳᢈᠡᠯ ᠢ᠋ᠶᠡᠷ ᠢ᠋ᠶᠡᠨ ᠨᠡᠪᠲᠡᠷᠡᠨ ᠣᠷᠤᠵᠤ ᠬᠠᠶᠢᠯᠲᠠ ᠶ᠋ᠢᠨ ᢈᠡᠰᠡᢉ ᠲᠦ “ᠨᠡᠶᠢᢉᠡᠮ ᠦ᠋ᠨ ᠬᠠᠯᠠᠮᠵᠢ ᠶ᠋ᠢᠨ ᢈᠥᢉᠵᠢᠯ ᠦ᠋ᠨ ᠪᠡᠷᢈᠡᠰᠢᠶᠡᠯ ᠲᠡᠢ ᠢᠷᢉᠡᠨ ᠦ᠋ ᠲᠡᠳᢈᠦᠪᠦᠷᠢ” ᠦᠶᠢᠯᠡᠴᠢᠯᠡᢉᠡ ᠶ᠋ᠢ ᠰᠣᠩᠭᠤᠨ ᢈᠥᠳᠡᠯᠮᠦᠷᠢ ᠴᠢᠪᠠᠳᠤᠷ ᠠᠯᠳᠠᠯᠲᠠ ᠶ᠋ᠢᠨ ᠬᠤᠪᠢ ᠪᠣᠯᠤᠨ ᠥᠪᠡᠷ ᠦ᠋ᠨ ᠪᠦᠷᠢᠳᢈᠡᠯ ᠲᠡᠢ ᠳᠠᠩᠰᠠᠨ ᠤ᠋ ᠮᠡᠳᠡᢉᠡᠯᠡᠯ ᠢ᠋ᠶᠡᠨ ᠪᠠᠲᠤᠯᠠᠭᠠᠵᠢᠭᠤᠯᠤᠨ ᢈᠦᠰᠡᠯᠲᠡ ᠪᠡᠨ ᠢᠯᠡᢉᠡᢈᠦ ᠪᠣᠯᠤᠮᠵᠢ ᠲᠠᠢ᠃

ᠲᠤᠰᠠ ᠦᠶᠢᠯᠡᠴᠢᠯᠡᢉᠡ ᠶ᠋ᠢ E᠓᠆Mongolia ᠰᠢᠰᠲ᠋ᠧᠮ ᠦ᠋ᠨ ᠸᠧᠪ ᠬᠠᠭᠤᠳᠠᠰᠤ ᠪᠣᠯᠤᠨ ᠭᠠᠷ ᠤᠲᠠᠰᠤᠨ ᠤ᠋ ᠠᠫᠫᠯᠢᠻᠧᠶᠢᠱᠢᠨ᠋ ᠠ᠋ᠴᠠ ᠠᠪᠬᠤ ᠪᠣᠯᠤᠮᠵᠢ ᠲᠠᠢ᠃

ᢈᠡᠷᠪᠡ ᠲᠠ ᠲᠡᠳᢈᠦᠪᠦᠷᠢ᠂ ᠲᠡᠳᢈᠦᠮᠵᠢ ᠠᠪᠬᠤ ᢈᠦᠰᠡᠯᠲᠡ ᠪᠡᠨ ᠴᠠᢈᠢᠮ ᢈᠡᠯᠪᠡᠷᠢ ᠪᠡᠷ ᠭᠠᠷᠭᠠᠬᠤ ᠪᠣᠯᠤᠮᠵᠢ ᠦᢉᠡᠢ ᠲᠣᢈᠢᠶᠠᠯᠳᠤᠯ ᠳ᠋ᠤ ᠰᠤᠮᠤ᠂ ᠬᠣᠷᠢᠶᠠᠨ ᠤ᠋ ᠨᠡᠶᠢᢉᠡᠮ ᠦ᠋ᠨ ᠠᠵᠢᠯᠲᠠᠨ ᠳ᠋ᠤ ᠬᠠᠨᠳᠤᠨ᠎ᠠ ᠤ᠋ᠤ᠃

ᠨᠡᠶᠢᠲᠡᠯᠡᠭᠰᠡᠨ᠄