ᠪᠦᢉᠦᠳᠡ ᠨᠠᠶᠢᠷᠠᠮᠳᠠᠬᠤ ᠻᠠᠽᠠᠬᠰᠲ᠋ᠠᠨ ᠤᠯᠤᠰ ᠤ᠋ᠨ Nitec /National Information Technologies/“ᠢ᠆ ᠮᠣᠩᠭᠤᠯ ᠠᠻᠠᠳ᠋ᠧᠮᠢ” ᠤᠲᠤᠭ ᠬᠠᠮᠲᠤᠷᠠᠨ ᠠᠵᠢᠯᠯᠠᠨ᠎ᠠ


ᠪᠦᢉᠦᠳᠡ ᠨᠠᠶᠢᠷᠠᠮᠳᠠᠬᠤ ᠻᠠᠽᠠᠬᠰᠲ᠋ᠠᠨ ᠤᠯᠤᠰ ᠤ᠋ᠨ ᠴᠠᢈᠢᠮ ᢈᠥᢉᠵᠢᠯ᠂ ᠢᠨ᠋ ᠨᠣᠸᠠᠼ᠂ ᠰᠠᠨᠰᠠᠷ ᠤ᠋ᠨ ᠠᠵᠤ ᠦᠶᠢᠯᠡᠳᠪᠦᠷᠢ ᠶ᠋ᠢᠨ ᠰᠠᠶᠢᠳ ᠮᠠᠳᠢᠶᠧᠸ ᠵᠢᠰᠢᠯᠠᠨ ᠬᠠᠰᠧᠨᠣᠸᠢᠼ ᠲᠡᠷᠢᢉᠦ ᠲᠡᠢ ᠲᠥᠯᠦᢉᠡᠯᠡᢉᠴᠢᠳ ᠮᠣᠩᠭᠤᠯ ᠤᠯᠤᠰ ᠲᠤ ᠒᠐᠒᠔ ᠣᠨ ᠤ᠋ ᠠᠷᠪᠠᠳᠤᠭᠠᠷ ᠰᠠᠷ᠎ᠠ ᠶ᠋ᠢᠨ ᠒᠘ ᠨ ᠠ᠋ᠴᠠ ᠒᠙ ᠨᠤ ᠡᠳᠦᠷ ᠦ᠋ᠳ ᠲᠦ ᠠᠵᠢᠯ ᠤ᠋ᠨ ᠠᠶᠢᠯᠴᠢᠯᠠᠯ ᢈᠢᠵᠦ ᠪᠠᠶᠢᠭ᠎ᠠ ᠪᠢᠯᠡ᠃

ᠲᠤᠰ ᠠᠶᠢᠯᠴᠢᠯᠠᠯ ᠤ᠋ᠨ ᢈᠦᠷᠢᠶ ᠡᠨ ᠳ᠋ᠦ ᠻᠠᠽᠠᠬᠰᠲ᠋ᠠᠨ ᠤᠯᠤᠰ ᠤ᠋ᠨ ᠴᠠᢈᠢᠮ ᢈᠥᢉᠵᠢᠯ᠂ ᠢᠨ᠋ ᠨᠣᠸᠠᠼ᠂ ᠰᠠᠨᠰᠠᠷ ᠤ᠋ᠨ ᠠᠵᠤ ᠦᠶᠢᠯᠡᠳᠪᠦᠷᠢ ᠶ᠋ᠢᠨ ᠰᠠᠶᠢᠳ ᠮᠠᠳᠢᠶᠧᠸ ᠵᠢᠰᠠᠯᠠᠩ ᠬᠠᠰᠧᠨᠣᠸᠢᠴᠢ ᠪᠣᠯᠤᠨ ᠲᠥᠯᠦᢉᠡᠯᠡᢉᠴᠢᠳ “ᠢ᠆ ᠮᠣᠩᠭᠤᠯ ᠠᠻᠠᠳ᠋ᠧᠮᠢ” ᠤᠲᠤᠭ᠎ᠠ ᠶᠠᠨ ᠦᠢᠯᠡ ᠠᠵᠢᠯᠯᠠᠭ᠎ᠠ ᠲᠠᠢ ᠲᠠᠨᠢᠯᠴᠠᠨ᠂ ᠴᠠᢈᠢᠮ ᠰᠠᠯᠪᠤᠷᠢ ᠶ᠋ᠢᠨ ᠲᠤᠷᠰᠢᠯᠭ᠎ᠠ ᠰᠣᠯᠢᠯᠴᠠᠬᠤ᠂ ᠬᠠᠮᠲᠤ ᠶ᠋ᠢᠨ ᠠᠵᠢᠯᠯᠠᠭᠠᠨ ᠤ᠋ ᠬᠠᠮᠲᠤᠷᠠᠭᠰᠠᠨ ᠲᠥᠯᠦᠪᠯᠡᢉᠡ ᢈᠡᠷᠡᢉᠵᠢᢉᠦᠯᠵᠦ ᠠᠵᠢᠯᠯᠠᠬᠤ᠂ ᠬᠤᠪᠢ ᠶ᠋ᠢᠨ ᢈᠡᠪᠰᠢᠯ ᠦ᠋ᠨ ᠪᠠᠶᠢᠭᠤᠯᠤᠯᠭ᠎ᠠ ᠨᠤᠭᠤᠳ ᠬᠣᠭᠤᠷᠤᠨᠳᠤ ᢈᠡᠯᢈᠢᠶ᠎ᠡ ᠬᠣᠯᠪᠤᠭ᠎ᠠ ᠲᠣᠭᠲᠠᠭᠠᠬᠤ᠂ ᠬᠠᠮᠲᠤ ᠶ᠋ᠢᠨ ᠠᠵᠢᠯᠯᠠᠭ᠎ᠠ ᠶ᠋ᠢ ᠢᠳᠡᠪᢈᠢᠵᠢᢉᠦᠯᢈᠦ ᠠᠭᠤᠯᠵᠠᠯᠲᠠ᠂ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ “E᠓᠆Mongolia” ᠪᠣᠯᠤᠨ “ᠬᠤᠷ᠎ᠠ”᠂ᠹ᠂ “ᠳ᠋ᠡᠩ” ᠪᠤᠰᠤᠳ ᠰᠢᠰᠲ᠋ᠧᠮ ᠲᠡᠢ ᠲᠠᠨᠢᠯᠴᠠᠬᠤ ᠲᠡᢉᠦᠨᠴᠢᠯᠡᠨ ᠬᠣᠶᠠᠷ ᠣᠷᠤᠨ ᠤ᠋ ᠴᠠᢈᠢᠮ ᠵᠠᠰᠠᠭᠯᠠᠯ᠂ ᠮᠡᠳᠡᢉᠡᠯᠡᠯ ᠦ᠋ᠨ ᠲᠧᠻᠨᠤᠯᠤᢉᠢ᠂ ᠰᠠᠨᠰᠠᠷ ᠤ᠋ᠨ ᠲᠧᠻᠨᠤᠯᠤᢉᠢ ᠵᠡᠷᢉᠡ ᠰᠠᠯᠪᠤᠷᠢ ᠬᠣᠭᠤᠷᠤᠨᠳᠤ ᠶ᠋ᠢᠨ ᠬᠠᠮᠲᠤ ᠶ᠋ᠢᠨ ᠠᠵᠢᠯᠯᠠᠭ᠎ᠠ ᠶ᠋ᠢ ᠥᠷᢉᠡᠵᠢᢉᠦᠯᠦᠨ ᢈᠥᢉᠵᠢᢉᠦᠯᢈᠦ᠂ ᢈᠢᠮᠡᠯ ᠣᠶᠤᠨ ᠤᠬᠠᠭᠠᠨ ᠳ᠋ᠤ ᠰᠠᠭᠤᠷᠢᠯᠠᠭᠰᠠᠨ ᠰᠢᠰᠲ᠋ᠧᠮ ᠢ᠋ ᠢᠯᠡᢉᠦᠦ ᢈᠥᢉᠵᠢᠩᢉᠦᠢ ᠪᠣᠯᠭᠠᠬᠤ ᠪᠣᠯᠤᠮᠵᠢ ᠶ᠋ᠢᠨ ᠲᠠᠯ᠎ᠠ ᠪᠠᠷ ᠰᠠᠨᠠᠯ ᠰᠣᠯᠢᠯᠴᠠᠨ ᠴᠠᠭᠠᠰᠢᠳᠠ ᠬᠠᠮᠲᠤᠷᠠᠨ ᠠᠵᠢᠯᠯᠠᠬᠤ ᠪᠠᠷ ᠪᠣᠯᠤᠯᠤᠭ᠎ᠠ᠃

ᠳᠡᠯᠡᢈᠡᠢ ᠨᠡᠶᠢᠲᠡ ᠳ᠋ᠦ ᠥᠨᠦ ᠶ᠋ᠢᠨ ᠪᠠᠶᠢᠳᠠᠯ ᠢ᠋ᠶᠠᠷ GPT ᠠgents᠂ᠹ᠂ GPT Chat᠂ᠹ᠂ Large Language Models᠂ᠹ᠂ AI agents᠂ᠹ᠂ AI robots ᠵᠡᠷᢉᠡ ᢈᠢᠮᠡᠯ ᠣᠶᠤᠨ ᠤᠬᠠᠭᠠᠨ ᠳ᠋ᠤ ᠰᠠᠭᠤᠷᠢᠯᠠᠭᠰᠠᠨ ᠲᠧᠻᠨᠤᠯᠤᢉᠢ ᠨᠤᠭᠤᠳ ᠥᠷᢉᠡᠨ ᠢ᠋ᠶᠡᠷ ᠠᠰᠢᠭᠯᠠᠭᠳᠠᠵᠤ ᠪᠠᠶᠢᠭ᠎ᠠ ᠪᠥᢉᠡᠳ ᠤᠯᠤᠰ ᠣᠷᠤᠨ ᠨᠤᠭᠤᠳ ᠡᠷᠡᢉᠦᠯ ᠮᠡᠨᠳᠦ᠂ ᠪᠣᠯᠪᠠᠰᠤᠷᠠᠯ᠂ ᠪᠠᠶᠢᠭᠠᠯᠢ ᠣᠷᠴᠢᠨ᠂ ᠪᠠᠲᠤᠯᠠᠨ ᠬᠠᠮᠠᠭᠠᠯᠠᠬᠤ᠂ ᢈᠥᠳᠡᢉᠡ ᠠᠵᠤ ᠠᠬᠤᠢ᠂ ᠵᠠᠮ ᠲᠡᢉᠡᢉᠡᠪᠦᠷᠢ᠂ ᠠᠭᠤᠯᠠ ᠠᠭᠤᠷᠬᠠᠢ᠂ ᠦᠶᠢᠯᠡᠳᠪᠦᠷᠢᠯᠡᠯ᠂ ᠦᠶᠢᠯᠡᠴᠢᠯᠡᢉᠡᠨ ᠦ᠋ ᠵᠡᠷᢉᠡ ᠰᠠᠯᠪᠤᠷᠢ ᠨᠤᠭᠤᠳ ᠲᠤ ᢈᠢᠮᠡᠯ ᠣᠶᠤᠨ ᠤᠬᠠᠭᠠᠨ ᠢ᠋ ᠶᠡᢈᠡᢈᠡᠨ ᠠᠰᠢᠭᠯᠠᠵᠤ ᠪᠠᠶᠢᠨ᠎ᠠ᠃

ᠴᠠᠭᠠᠰᠢᠳᠠ ᠪᠦᢉᠦᠳᠡ ᠨᠠᠶᠢᠷᠠᠮᠳᠠᠬᠤ ᠻᠠᠽᠠᠬᠰᠲ᠋ᠠᠨ ᠤᠯᠤᠰ ᠤ᠋ᠨ Nitec /National Information Technologies/ “ᠢ᠆ ᠮᠣᠩᠭᠤᠯ ᠠᠻᠠᠳ᠋ᠧᠮᠢ” ᠤᠲᠤᠭ ᠬᠠᠮᠲᠤᠷᠠᠨ ᠠᠵᠢᠯᠯᠠᠭᠰᠠᠨ ᠢ᠋ᠶᠠᠷ ᠬᠠᠷᠢᠯᠴᠠᠨ ᠲᠤᠷᠰᠢᠯᠭ᠎ᠠ ᠰᠣᠯᠢᠯᠴᠠᠨ᠂ ᢈᠢᠮᠡᠯ ᠣᠶᠤᠨ ᠤᠬᠠᠭᠠᠨ ᠢ᠋ ᠠᠰᠢᠭᠯᠠᠭᠰᠠᠨ ᠢ᠋ᠶᠠᠷ ᠦᠶᠢᠯᠡᠴᠢᠯᠡᢉᠡᠨ ᠦ᠋ ᠴᠢᠨᠠᠷ ᠢ᠋ ᠰᠠᠶᠢᠵᠢᠷᠠᠭᠤᠯᠵᠤ᠂ ᢈᠦᠷᠲᠡᢉᠡᠮᠵᠢ ᠶ᠋ᠢ ᠨᠡᠮᠡᢉᠳᠡᢉᠦᠯᠵᠦ᠂ ᢈᠢᠮᠡᠯ ᠣᠶᠤᠨ ᠤᠬᠠᠭᠠᠨ ᠢ᠋ ᠦᠢᠯᠡᠴᠢᠯᠡᢉᠡᠨ ᠳ᠋ᠦ ᠪᠡᠨ ᠨᠡᠪᠲᠡᠷᠡᢉᠦᠯᠦᢉᠰᠡᠨ ᠢ᠋ᠶᠡᠷ ᠳᠡᠯᠡᢈᠡᠢ ᠶ᠋ᠢᠨ ᠪᠤᠰᠤᠳ ᠤᠯᠤᠰ ᠣᠷᠤᠨ ᠤ᠋ ᠨᠢᢉᠡᠨ ᠠᠳᠠᠯᠢ ᠲᠤᠯᠭᠠᠮᠳᠠᠵᠤ ᠪᠤᠢ ᠠᠰᠠᠭᠤᠳᠠᠯ᠂ ᠰᠣᠷᠢᠯᠲᠠ ᠨᠤᠭᠤᠳ ᠢ᠋ ᠰᠢᠢᠳᠪᠦᠷᠢᠯᠡᠵᠦ᠂ ᠪᠦᢈᠦᠢ ᠯᠠ ᠰᠠᠯᠪᠤᠷᠢ ᠳ᠋ᠤ ᠳᠣᠲᠤᠭᠠᠳᠤ ᠴᠢᠳᠠᠪᢈᠢ ᠶ᠋ᠢ ᠰᠠᠶᠢᠵᠢᠷᠠᠭᠤᠯᠬᠤ ᠳᠠᠪᠠᠭᠤ ᠲᠠᠯ᠎ᠠ ᠨᠤᠭᠤᠳ ᠪᠤᠢ ᠪᠣᠯᠬᠤ ᠶᠠᠭᠤᠮ᠎ᠠ᠃

ᠨᠡᠶᠢᠲᠡᠯᠡᠭᠰᠡᠨ᠄