“ᠢ᠆ ᠮᠣᠩᠭᠤᠯ ᠠᠻᠠᠳ᠋ᠧᠮᠢ” ᠤᠲᠤᠭ ᠨᠢ ᠴᠠᠭᠳᠠᠭᠠ ᠶ᠋ᠢᠨ ᠪᠠᠶᠢᠭᠤᠯᠤᠯᠭᠠ ᠠ᠋ᠴᠠ ᢈᠢᠵᠦ ᢈᠡᠷᠡᢉᠵᠢᢉᠦᠯᠵᠦ ᠪᠤᠢ ᠠᠶᠠᠨ᠂ ᠠᠷᠭᠠ ᢈᠡᠮᠵᠢᠶᠡ ᠶ᠋ᠢ ᠳᠡᠮᠵᠢᠵᠦ ᢉᠡᠮᠲᠦ ᢈᠡᠷᠡᢉ᠂ ᠵᠥᠷᠢᠴᠡᠯ ᠡᠴᠡ ᠤᠷᠢᠳᠴᠢᠯᠠᠨ ᠰᠡᠷᢉᠡᠶᠢᠯᠡᢈᠦ ᠮᠡᠳᠡᢉᠡ ᠮᠡᠳᠡᢉᠡᠯᠡᠯ ᠢ᠋ ᢈᠦᠷᢈᠡᢈᠦ ᠴᠢᢉᠯᠡᠯ ᠢ᠋ᠶᠡᠷ ᠬᠠᠮᠲᠤᠷᠠᠨ ᠠᠵᠢᠯᠯᠠᠵᠤ ᠪᠠᠶᠢᠭᠠ ᠪᠢᠯᠡ᠃
ᠡᠨᠡ ᠤᠳᠠᠭᠠ ᠳ᠋ᠤ ᠴᠠᠭᠳᠠᠭᠠ ᠶ᠋ᠢᠨ ᠶᠡᠷᠦᠩᢈᠡᠢ ᠭᠠᠵᠠᠷ ᠤ᠋ᠨ ᠮᠡᠳᠡᢉᠡᠯᠡᠯ᠂ ᠳ᠋ᠦᠩ ᠰᠢᠨᠵᠢᠯᠡᢉᠡ᠂ ᠰᠢᠭᠤᠷᠬᠠᠢ ᠤᠳᠤᠷᠢᠳᠤᠯᠭᠠ ᠶ᠋ᠢᠨ ᠲᠥᠪ ᠲᠡᠢ ᠬᠠᠮᠲᠤᠷᠠᠨ ᠢᠷᢉᠡᠨ ᠴᠠᠭᠳᠠᠭᠠ ᠶ᠋ᠢᠨ ᠪᠠᠶᠢᠭᠤᠯᠤᠯᠭᠠ ᠳ᠋ᠤ ᢉᠡᠮᠲᠦ ᢈᠡᠷᠡᢉ᠂ ᠵᠥᠷᠢᠴᠡᠯ ᠦ᠋ᠨ ᠲᠠᠯᠠᠭᠠᠷᢈᠢ ᠮᠡᠳᠡᢉᠡᠯᠡᠯ ᠢ᠋ ᠴᠠᢈᠢᠮ ᠢ᠋ᠶᠠᠷ ᠥᢉᢈᠦ ᠪᠣᠯᠤᠮᠵᠢ ᠶ᠋ᠢ ᠪᠦᠷᠢᠳᠦᢉᠦᠯᠦᠯ ᠢ᠋ᠶᠡᠨ᠃
ᠲᠤᠰᠠ ᠦᠶᠢᠯᠡᠴᠢᠯᠡᢉᠡ ᠨᠢ ᠡᠮᠦᠨᠡ E᠓᠆Mongolia ᠰᠢᠰᠲ᠋ᠧᠮ ᠦ᠋ᠨ ᠨᠢᠭᠤᠷ ᠬᠠᠭᠤᠳᠠᠰᠤᠨ ᠤ᠋ ᠲᠤᠰᠠᠯᠠᠬᠤ ᠳᠡᠳ᠋ ᠼᠧᠰᠧ ᢈᠡᠯᠪᠡᠷᠢ ᠪᠡᠷ ᠪᠠᠶᠢᠭᠰᠠᠨ ᠪᠣᠯ ᠣᠳᠤ ᠦᠶᠢᠯᠡᠴᠢᠯᠡᢉᠡ ᠪᠣᠯᠤᠨ ᠣᠷᠤᠭᠰᠠᠨ᠃ ᠦᠢᠯᠡᠴᠢᠯᠡᢉᠡ ᠤᠷᠤᠭᠤ ᠨᠡᠪᠲᠡᠷᠡᠵᠦ ᠣᠷᠤᠬᠤ ᠳ᠋ᠤ ᠬᠠᠮᠤᠭ ᠤ᠋ᠨ ᠡᢈᠢᠨ ᠦ᠋ ᠠᠯᠬᠤᠮ ᠳ᠋ᠤ ᠲᠤᠬᠠᠢ ᠶ᠋ᠢᠨ ᠢᠷᢉᠡᠨ ᠦ᠋ ᠡᠮᠦᠨᠡ ᠢᠯᠡᢉᠡᢉᠰᠡᠨ ᠡᠷᠭᠤᠳᠡᠯ᠂ ᠭᠣᠮᠤᠳᠠᠯ ᠤ᠋ᠨ ᠰᠢᠢᠳᠪᠦᠷᠢᠯᠡᠯᠲᠡ ᠪᠣᠯᠤᠨ ᠲᠥᠯᠦᠪ ᠵᠡᠷᢉᠡ ᠬᠠᠷᠠᠭᠳᠠᠬᠤ ᠪᠥᢉᠡᠳ ᠠᠩᠬᠠ ᠤᠳᠠᠭᠠ ᢉᠡᠮᠲᠦ ᢈᠡᠷᠡᢉ᠂ ᠵᠥᠷᠢᠴᠡᠯ ᠦ᠋ᠨ ᠲᠠᠯᠠᠭᠠᠷ ᠮᠡᠳᠡᢉᠡᠯᠡᠯ ᠥᢉᢈᠦ ᠢᠷᢉᠡᠨ ᠳ᠋ᠦ ᠬᠠᠷᠠᠭᠳᠠᠬᠤ ᠦᢉᠡᠢ᠃ ᠬᠠᠷᠢᠨ ᢈᠦᠰᠡᠯᠲᠡ ᠶᠠᠪᠤᠭᠤᠯᠤᠭᠰᠠᠨ ᠤ᠋ ᠳᠠᠷᠠᠭᠠ ᠠ᠋ᠴᠠ ᠬᠠᠷᠠᠭᠳᠠᠵᠤ ᠡᢈᠢᠯᠡᢈᠦ ᠶᠠᠭᠤᠮᠠ᠃
ᠦᠶᠢᠯᠡᠴᠢᠯᠡᢉᠡ ᠶ᠋ᠢ ᠠᠪᠬᠤ ᠶ᠋ᠢᠨ ᠲᠤᠯᠠᠳᠠ “E᠓᠆Mongolia” ᠰᠢᠰᠲ᠋ᠧᠮ ᠳ᠋ᠦ ᠥᠪᠡᠷ ᠦ᠋ᠨ ᠪᠦᠷᠢᠳᢈᠡᠯ ᠢ᠋ᠶᠡᠷ ᠢ᠋ᠶᠡᠨ ᠨᠡᠪᠲᠡᠷᠡᠨ ᠣᠷᠤᠵᠤ ᠬᠠᠶᠢᠯᠲᠠ ᠶ᠋ᠢᠨ ᢈᠡᠰᠡᢉ ᠲᠦ “ᠴᠠᠭᠳᠠᠭᠠ ᠶ᠋ᠢᠨ ᠪᠠᠶᠢᠭᠤᠯᠤᠯᠭᠠ ᠳ᠋ᠤ ᢉᠡᠮᠲᠦ ᢈᠡᠷᠡᢉ᠂ ᠵᠥᠷᠢᠴᠡᠯ ᠦ᠋ᠨ ᠲᠠᠯᠠᠭᠠᠷ ᠮᠡᠳᠡᢉᠡᠯᠡᠯ ᠥᢉᢈᠦ” ᠦᠶᠢᠯᠡᠴᠢᠯᠡᢉᠡᠨ ᠦ᠋ ᠨᠡᠷᠡ ᠶ᠋ᠢ ᠣᠷᠤᠭᠤᠯᠤᠨ ᠬᠠᠶᠢᠯᠲᠠ ᢈᠢᢉᠰᠡᠨ ᠢ᠋ᠶᠡᠷ ᢉᠡᠮᠲᠦ ᢈᠡᠷᠡᢉ᠂ ᠵᠥᠷᠢᠴᠡᠯ ᠦ᠋ᠨ ᠲᠠᠯᠠᠭᠠᠷ ᠮᠡᠳᠡᢉᠡᠯᠡᠯ ᠥᢉᢈᠦ ᠪᠣᠯᠤᠮᠵᠢ ᠲᠠᠢ ᠶᠠᠭᠤᠮᠠ᠃
ᠦᠶᠢᠯᠡᠴᠢᠯᠡᢉᠡ ᠠᠪᠬᠤ ᠯᠢᠨᠻ: https://e᠓᠆mongolia᠃mn/service/tsagdaagiin᠓᠆baiguullagad᠓᠆gemt᠓᠆khereg᠓᠆zurchliin᠓᠆talaar᠓᠆medeelel᠓᠆ugukh
ᠢᠷᢉᠡᠨ ᠲᠠ ᢉᠡᠮᠲᠦ ᢈᠡᠷᠡᢉ᠂ ᠵᠥᠷᠢᠴᠡᠯ ᠦ᠋ᠨ ᠲᠠᠯᠠᠭᠠᠷᢈᠢ ᠮᠡᠳᠡᢉᠡᠯᠡᠯ ᠢ᠋ ᠴᠠᠭᠳᠠᠭᠠ ᠶ᠋ᠢᠨ ᠪᠠᠶᠢᠭᠤᠯᠤᠯᠭᠠ ᠳ᠋ᠤ ᠴᠠᠭ ᠠᠯᠳᠠᠯ ᠦᢉᠡᠢ ᠮᠡᠳᠡᢉᠡᠯᠡᠵᠦ ᠤᠴᠠᠷᠠᠵᠤ ᠪᠣᠯᠵᠤᠰᠢ ᠦᢉᠡᠢ ᠡᠷᠦᠰᠳᠡᠯ ᠡᠴᠡ ᠤᠷᠢᠳᠴᠢᠯᠠᠨ ᠰᠡᠷᢉᠡᠶᠢᠯᠡᢉᠡᠷᠡᠢ᠃