ᠨᠦᠪᠰ ᠠᠴᠠ ᠑᠙᠘᠑ ᠣᠨ ᠳ᠋ᠤ ᠵᠢᠯ ᠪᠦᠷᠢ ᠶ᠋ᠢᠨ ᠑᠒ ᠳ᠋ᠤᠭᠠᠷ ᠰᠠᠷᠠ ᠶ᠋ᠢᠨ ᠓᠆ ᠶ᠋ᠢᠨ ᠡᠳᠦᠷ ᠢ᠋ ᠣᠯᠠᠨ ᠤᠯᠤᠰ ᠤ᠋ᠨ “ᢈᠥᢉᠵᠢᠯ ᠦ᠋ᠨ ᠪᠡᠷᢈᠡᠰᠢᠶᠡᠯ ᠲᠡᠢ ᠢᠷᢉᠡᠳ ᠦ᠋ᠨ ᠡᠷᢈᠡ ᠶ᠋ᠢ ᠬᠠᠮᠠᠭᠠᠯᠠᠬᠤ ᠡᠳᠦᠷ” ᠪᠣᠯᠭᠠᠨ ᠲᠡᠮᠳᠡᢉᠯᠡᠳᠡᢉ᠃
ᠡᠨᠡ ᠵᠢᠯ ᠲᠤᠰ ᠡᠳᠦᠷ ᠢ᠋ ᠨᠦᠪᠡ ᠠᠴᠠ “ᢈᠦᠷᠲᠡᢉᠡᠮᠵᠢᠲᠡᠢ᠂ ᠲᠣᠭᠲᠠᠪᠤᠷᠢᠲᠠᠢ ᠢᠷᠡᢉᠡᠳᠦᠢ ᠶ᠋ᠢᠨ ᠲᠥᠯᠦᢉᠡ ᢈᠥᢉᠵᠢᠯ ᠦ᠋ᠨ ᠪᠡᠷᢈᠡᠰᠢᠶᠡᠯ ᠲᠡᠢ ᢈᠦᠮᠦᠰ ᠦ᠋ᠨ ᠮᠠᠩᠯᠠᠶᠢᠯᠠᠯ ᠢ᠋ ᠨᠡᠮᠡᢉᠳᠡᢉᠦᠯᠦᠶᠡ” ᢉᠡᢉᠰᠡᠨ ᠤᠷᠢᠶᠠ ᠲᠠᠢ ᠲᠡᠮᠳᠡᢉᠯᠡᠨ ᠥᠩᢉᠡᠷᠡᢉᠦᠯᠵᠦ ᠪᠠᠶᠢᠭᠠ ᠪᠢᠯᠡ᠃
ᠮᠣᠩᠭᠣᠯ ᠤᠯᠤᠰ ᠤ᠋ᠨ ᠬᠤᠪᠢ ᠳ᠋ᠤ ᠒᠐᠒᠔ ᠣᠨ ᠤ᠋ ᠬᠠᠭᠠᠰ ᠵᠢᠯ ᠦ᠋ᠨ ᠪᠠᠶᠢᠳᠠᠯ ᠢ᠋ᠶᠠᠷ ᢈᠥᢉᠵᠢᠯ ᠦ᠋ᠨ ᠪᠡᠷᢈᠡᠰᠢᠶᠡᠯ ᠲᠡᠢ ᠑᠐᠒᠂᠔ ᠮᠢᠩᠭᠠᠨ ᠢᠷᢉᠡᠨ ᠪᠠᠶᠢᠨᠠ᠃ ᠥᠨᠦᠳᠦᠷ ᠦ᠋ᠨ ᠪᠠᠶᠢᠳᠠᠯ ᠢ᠋ᠶᠠᠷ E᠓᠆Mongolia ᠰᠢᠰᠲ᠋ᠧᠮ ᠳ᠋ᠦ ᠔᠙᠙᠙᠖ ᢈᠥᢉᠵᠢᠯ ᠦ᠋ᠨ ᠪᠡᠷᢈᠡᠰᠢᠶᠡᠯ ᠲᠡᠢ ᠢᠷᢉᠡᠨ ᠦ᠋ ᠻᠠᠷᠲ ᠡᢉᠦᠰᠦᢉᠰᠡᠨ ᠪᠥᢉᠡᠳ ᠲᠡᠳᠡᢉᠡᠷ ᠢᠷᢉᠡᠳ ᠲᠥᠷᠦ ᠶ᠋ᠢᠨ ᠦᠶᠢᠯᠡᠴᠢᠯᠡᢉᠡ ᠶ᠋ᠢ ᠴᠠᢈᠢᠮ ᠢ᠋ᠶᠠᠷ ᠠᠪᠴᠤ ᠪᠠᠶᠢᠨᠠ᠃
“ᠢ᠆ ᠮᠣᠩᠭᠤᠯ ᠠᠻᠠᠳ᠋ᠧᠮᠢ” ᠤᠲᠤᠭ ᠤ᠋ᠨ ᠵᠦᢉ ᠡᠴᠡ ᢈᠦᠷᠲᠡᢉᠡᠮᠵᠢ ᠲᠡᠢ ᠪᠠᠶᠢᠳᠠᠯ ᠢ᠋ ᠬᠠᠩᠭᠠᠵᠤ ᠣᠯᠠᠨ ᠤᠯᠤᠰ ᠤ᠋ᠨ WCAG ᠵᠥᠪᠯᠡᠮᠵᠢ ᠶ᠋ᠢᠨ ᠳᠠᠭᠠᠭᠤ ᢈᠥᢉᠵᠢᢉᠦᠯᠦᠯᠲᠡ ᢈᠢᢉᠰᠡᠨ ᠢ᠋ᠶᠡᠷ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ E᠓᠆Mongolia ᠰᠢᠰᠲ᠋ᠧᠮ ᠢ᠋ ᠰᠠᠭᠠᠳ ᠦᢉᠡᠢ ᠠᠰᠢᠭᠯᠠᠬᠤ ᠨᠥᢈᠦᠴᠡᠯ ᠦ᠋ᠨ ᠪᠦᠷᠢᠳᠦᢉᠦᠯᠦᢉᠰᠡᠨ᠃ ᠲᠡᠷᠡ ᠲᠤᠰᠤᠮᠠ ᠑᠒᠘᠙᠒ ᠬᠠᠷᠠᠭᠠᠨ ᠤ᠋ ᠪᠡᠷᢈᠡᠰᠢᠶᠡᠯ ᠲᠡᠢ ᠢᠷᢉᠡᠳ ᠳᠡᠯᢉᠡᠴᠡ ᠤᠩᠰᠢᠬᠤ ᠫᠷᠤᠭᠷᠠᠮᠮ ᠤ᠋ᠨ ᠲᠤᠰᠠᠯᠠᠮᠵᠢ ᠲᠠᠢ ᠪᠠᠷ ᠲᠥᠷᠦ ᠶ᠋ᠢᠨ ᠦᠶᠢᠯᠡᠴᠢᠯᠡᢉᠡ ᠶ᠋ᠢ ᠠᠪᠬᠤ ᠪᠣᠯᠤᠮᠵᠢ ᠲᠠᠢ ᠪᠣᠯᠤᠭᠰᠠᠨ᠃
ᠮᠥᠨ “ᠢ᠆ ᠮᠣᠩᠭᠤᠯ ᠠᠻᠠᠳ᠋ᠧᠮᠢ” ᠤᠲᠤᠭ ᠤ᠋ᠨ ᠰᠤᠷᠭᠠᠯᠲᠠ ᠶ᠋ᠢᠨ ᢈᠡᠯᠲᠡᠰ ᠡᠴᠡ ᢈᠢ᠂ ᠆ ᠤ᠋ᠨ ᠴᠠᢈᠢᠮ ᠤᠷᠠ ᠴᠢᠳᠠᠪᠤᠷᠢ ᠶ᠋ᠢ ᠳᠡᢉᠡᢉᠰᠢᠯᠡᢉᠦᠯᢈᠦ ᠰᠤᠷᠭᠠᠯᠲᠠ ᠶ᠋ᠢ ᠲᠣᠭᠲᠠᠮᠠᠯ ᠵᠣᢈᠢᠶᠠᠨ ᠪᠠᠶᠢᠭᠤᠯᠵᠤ᠂ ᠲᠣᠳᠤᠷᠬᠠᠢ ᠦᠷᠡ ᠳ᠋ᠦᠩ ᠳ᠋ᠦ ᢈᠦᠷᠦᢉᠡᠳ ᠪᠠᠶᠢᠨᠠ᠃
ᠡᢉᠦᠨ ᠳ᠋ᠦ:
ᢈᠡᠪᠢ ᠆ ᠦ᠋ᠨ ᠴᠠᢈᠢᠮ ᠤᠷᠠ ᠴᠢᠳᠠᠪᠤᠷᠢ ᠶ᠋ᠢᠨ ᠰᠤᠷᠭᠠᠯᠲᠠ ᠳ᠋ᠤ – ᠖᠖᠒ ᠢᠷᢉᠡᠨ
ᠮᠡᠳᠡᢉᠡᠯᠡᠯ ᠦ᠋ᠨ ᢈᠦᠷᠲᠡᢉᠡᠮᠵᠢ ᠲᠡᠢ ᠲᠧᠻᠨᠤᠯᠤᢉᠢ ᠶ᠋ᠢᠨ ᠲᠠᠨᠢᠭᠤᠯᠬᠤ ᠰᠤᠷᠭᠠᠯᠲᠠ ᠳ᠋ᠤ – ᠘᠓᠖ ᠢᠷᢉᠡᠨ
ᠬᠠᠷᠠᠭᠠᠨ ᠤ᠋ ᠪᠡᠷᢈᠡᠰᠢᠶᠡᠯ ᠲᠡᠢ ᠢᠷᢉᠡᠳ ᠲᠦ ᠮᠡᠳᠡᢉᠡᠯᠡᠯ ᠲᠧᠻᠨᠤᠯᠤᢉᠢ ᠶ᠋ᠢᠨ ᢈᠦᠷᠲᠡᢉᠡᠮᠵᠢ ᠶ᠋ᠢ ᠨᠡᠮᠡᢉᠳᠡᢉᠦᠯᢈᠦ ᠵᠣᠷᠢᠯᠭᠠ ᠪᠠᠷ “ᢈᠦᠷᠲᠡᢉᠡᠮᠵᠢ ᠲᠡᠢ ᠲᠧᠻᠨᠤᠯᠤᢉᠢ” ᠠᠭᠤᠯᠭᠠ ᠶ᠋ᠢᠨ ᢈᠦᠷᠢᠶᠡᠨ ᠳ᠋ᠦ ᠰᠤᠷᠭᠠᠯᠲᠠ ᠶ᠋ᠢ ᠵᠣᢈᠢᠶᠠᠨ ᠪᠠᠶᠢᠭᠤᠯᠵᠤ ᠡᢈᠢᠯᠡᢉᠰᠡᠨ ᠪᠥᢉᠡᠳ ᠨᠡᠶᠢᠲᠡ ᠕ ᠤᠳᠠᠭᠠ ᠶ᠋ᠢᠨ ᠓᠑᠒ ᠴᠠᠭ ᠤ᠋ᠨ ᠰᠤᠷᠭᠠᠯᠲᠠ ᠪᠠᠷ ᠒᠔ ᠬᠠᠷᠠᠭᠠᠨ ᠤ᠋ ᠪᠡᠷᢈᠡᠰᠢᠶᠡᠯ ᠲᠡᠢ ᠢᠷᢉᠡᠨ ᠢ᠋ ᠴᠢᠳᠠᠪᢈᠢᠵᠢᠭᠤᠯᠵᠤ᠂ ᢉᠡᠷᠡᠴᠢᠯᠡᢉᠡ ᠣᠯᠭᠠᠭᠰᠠᠨ ᠪᠠᠶᠢᠨᠠ᠃