᠗ ᠬᠣᠨᠤᠭ ᠤ᠋ᠨ ᠲᠣᠶᠢᠮᠤ ᠮᠡᠳᠡᢉᠡᠯᠡᠯ


“ᠲᠥᠷᠦ ᠶ᠋ᠢᠨ ᠠᠦᠳᠢᠲ ᠤ᠋ᠨ ᠪᠠᠶᠢᠭᠤᠯᠤᠯᠭ᠎ᠠ ᠶ᠋ᠢᠨ ᠠᠦᠳᠢᠲ ᠤ᠋ᠨ ᠰᠡᠳᠦᠪᠲᠦ ᠰᠠᠨᠠᠯ ᠥᢉᢈᠦ” ᠦᠶᠢᠯᠡᠴᠢᠯᠡᢉᠡ ᠶ᠋ᠢ ᠴᠠᢈᠢᠮ ᠢ᠋ᠶᠠᠷ ᠠᠪᠳᠠᠭ ᠪᠣᠯᠤᠯᠤᠭ᠎ᠠ

“ᠢ-ᠮᠣᠩᠭᠤᠯ ᠠᠻᠠᠳ᠋ᠧᠮᠢ” ᠤᠲᠤᠭ ᠨᠢ ᠦᠨᠳᠦᠰᠦᠨ ᠦ᠋ ᠠᠦ᠋ᠳᠢᠲ ᠤ᠋ᠨ ᠭᠠᠵᠠᠷ ᠲᠠᠢ ᠬᠠᠮᠲᠤᠷᠠᠨ ᠲᠥᠷᠦ ᠶ᠋ᠢᠨ ᠠᠦ᠋ᠳᠢᠲ ᠤ᠋ᠨ ᠪᠠᠶᠢᠭᠤᠯᠤᠯᠭ᠎ᠠ ᠶ᠋ᠢᠨ ᠠᠦ᠋ᠳᠢᠲ ᠤ᠋ᠨ ᠰᠡᠳᠦᠪᠲᠦ ᠰᠠᠨᠠᠯ ᠥᢉᢈᠦ ᠦᠶᠢᠯᠡᠴᠢᠯᠡᢉᠡ ᠶ᠋ᠢ ᠴᠠᢈᠢᠮᠵᠢᠭᠤᠯᠵᠤ ᠢ-ᠮᠣᠩᠭᠣᠯᠢᠶ᠎ᠠ ᠰᠢᠰᠲ᠋ᠧᠮ ᠦ᠋ᠨ ᠬᠠᠮᠲᠤᠷᠠᠵᠤ ᠪᠤᠢ ᠘᠘ ᠳ᠋ᠠᢈᠢ ᠪᠠᠶᠢᠭᠤᠯᠤᠯᠭ᠎ᠠ ᠪᠣᠯᠵᠤ ᠪᠠᠶᠢᠨ᠎ᠠ᠃ ᠲᠤᠰ ᠦᠢᠯᠡᠴᠢᠯᠡᢉᠡ ᠶ᠋ᠢ ᠴᠠᢈᠢᠮᠵᠢᠭᠤᠯᠤᠭᠰᠠᠨ ᠢ᠋ᠶᠠᠷ ᠮᠣᠩᠭᠣᠯ ᠤᠯᠤᠰ ᠤ᠋ᠨ ᠢᠷᢉᠡᠨ ᠪᠦᠷᠢ ᠴᠠᠭ ᠬᠤᠭᠤᠴᠠᠭ᠎ᠠ ᠣᠷᠤᠨ ᠵᠠᠢ ᠶ᠋ᠢ ᠦᠯᠦ ᠬᠠᠮᠢᠶᠠᠷ ᠰᠣᠩᠭᠤᠭᠤᠯᠢ ᠳ᠋ᠤ ᠣᠷᠤᠯᠴᠠᠬᠤ ᠡᠷᢈᠡ ᠶ᠋ᠢ ᠬᠠᠩᠭᠠᠬᠤ ᠪᠣᠯᠤᠮᠵᠢ ᠶ᠋ᠢ ᠰᠤᠳᠤᠯᠤᠨ ᠰᠠᠨᠠᠯ᠂ ᠳ᠋ᠦᠩᠨᠡᠯᠲᠡ ᠭᠠᠷᠭᠠᠬᠤ ᠡᢉᠦᠷᢉᠡ ᠪᠦᢈᠦᠢ ᠠᠵᠢᠯ ᠤ᠋ᠨ ᢈᠡᠰᠡᢉ ᠢ᠋ ᠪᠠᠶᠢᠭᠤᠯᠤᠯ ᠢ᠋ᠶᠠᠨ ᢈᠢᠯᠢ ᠶ᠋ᠢᠨ ᠴᠢᠨᠠᠳᠤ ᠳ᠋ᠠᢈᠢ ᠮᠣᠩᠭᠣᠯ ᠢᠷᢉᠡᠳ ᠢ᠋ ᠲᠥᠷᠦ ᠶ᠋ᠢᠨ ᠴᠠᢈᠢᠮ ᠦᠶᠢᠯᠡᠴᠢᠯᠡᢉᠡᠨ ᠦ᠋ ᠢ-ᠮᠣᠩᠭᠣᠯᠢᠶ᠎ᠠ ᠰᠢᠰᠲ᠋ᠧᠮ ᠢ᠋ ᠠᠰᠢᠭᠯᠠᠬᠤ ᠪᠣᠯᠤᠮᠵᠢ ᠲᠡᢉᠦᠨᠴᠢᠯᠡᠨ ᠴᠠᢈᠢᠮ ᠢ᠋ᠶᠠᠷ ᠰᠣᠩᠭᠤᠭᠤᠯᠢ ᠳ᠋ᠤ ᠣᠷᠤᠯᠴᠠᠬᠤ ᠡᠷᢈᠡ ᠶ᠋ᠢ ᠬᠠᠩᠭᠠᠬᠤ ᠲᠠᠯᠠᠭᠠᠷ ᠰᠣᠩᠭᠤᠭᠤᠯᠢ ᠶ᠋ᠢᠨ ᠶᠡᠷᠦᠩᢈᠡᠢ ᠬᠣᠷᠢᠶᠠᠨ ᠤ᠋ ᠳᠠᠷᠤᠭ᠎ᠠ᠂ ᠦᠨᠳᠦᠰᠦᠨ ᠦ᠋ ᠳᠠᠲ᠋ᠠ ᠲᠥᠪ ᠪᠣᠯᠤᠨ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠤ᠋ᠨ ᠮᠡᠳᠡᢉᠡᠯᠡᠯ ᠢ᠋ ᠲᠤᠰ ᠲᠤᠰ ᠰᠣᠨᠤᠰᠴᠤ ᢈᠢᠯᠢ ᠶ᠋ᠢᠨ ᠴᠢᠨᠠᠳᠤ ᠳ᠋ᠠᢈᠢ ᠮᠣᠩᠭᠣᠯ ᠢᠷᢉᠡᠳ ᠴᠠᢈᠢᠮ ᠢ᠋ᠶᠠᠷ ᠰᠣᠩᠭᠤᠭᠤᠯᠢ ᠳ᠋ᠤ ᠣᠷᠤᠯᠴᠠᠬᠤ ᠡᠷᢈᠡ ᠶ᠋ᠢ ᠬᠠᠩᠭᠠᠬᠤ ᠪᠣᠯᠤᠮᠵᠢ ᠶ᠋ᠢ ᠰᠤᠳᠤᠯᠤᠨ ᠰᠠᠨᠠᠯ᠂ ᠳ᠋ᠦᠩᠨᠡᠯᠲᠡ ᠭᠠᠷᠭᠠᠬᠤ ᠡᢉᠦᠷᢉᠡ ᠪᠦᢈᠦᠢ ᠠᠵᠢᠯ ᠤ᠋ᠨ ᢈᠡᠰᠡᢉ ᠢ᠋ ᠪᠠᠶᠢᠭᠤᠯᠤᠯ᠎ᠠ

“ᠦᠨᠳᠦᠰᠦᠨ ᠦ᠋ ᠴᠠᢈᠢᠮ ᠡᠯᠴᠢ” ᢈᠥᠲᠦᠯᠪᠦᠷᠢ ᠶ᠋ᠢᠨ ᢈᠦᠷᠢᠶᠡᠨ ᠳ᠋ᠦ ᠑᠓᠗ ᠰᠤᠷᠭᠠᠭᠴᠢ ᠪᠠᠭᠰᠢ ᠶ᠋ᠢ ᠪᠡᠯᠡᠳᢈᠡᠯ ᠢ᠋ᠶᠡᠨ ᠳᠡᠯᠡᢈᠡᠢ ᠶ᠋ᠢᠨ ᠪᠠᠩᠻᠢ ᠶ᠋ᠢᠨ ᠰᠠᠩᢈᠦᠵᠢᠯᠲᠡ ᠪᠡᠷ ᠴᠠᢈᠢᠮ ᢈᠥᢉᠵᠢᠯ᠂ ᠢᠨ᠋ ᠨᠣᠸᠠᠼ᠂ ᠬᠠᠷᠢᠯᠴᠠᠭ᠎ᠠ ᠬᠣᠯᠪᠤᠭᠠᠨ ᠤ᠋ ᠶᠠᠮᠤᠨ ᠤ᠋ ᢈᠡᠷᠡᢉᠵᠢᢉᠦᠯᠵᠦ ᠪᠤᠢ “ᠤᠬᠠᠭᠠᠯᠢᠭ ᠵᠠᠰᠠᠭ-᠒” ᠲᠥᠰᠦᠯ ᠦ᠋ᠨ ᢈᠦᠷᠢᠶᠡᠨ ᠳ᠋ᠦ ᠢᠷᢉᠡᠳ ᠦ᠋ᠨ ᠴᠠᢈᠢᠮ ᠤᠷ᠎ᠠ ᠴᠢᠳᠠᠪᠤᠷᠢ ᠶ᠋ᠢ ᠨᠡᠮᠡᢉᠳᠡᢉᠦᠯᢈᠦ᠂ ᠨᠡᠶᠢᢉᠡᠮ ᠦ᠋ᠨ ᢈᠥᠨᠳᠡᢉᠳᠡᠳᠡᢉ ᠦᢉᠡᠢ ᠲᠣᠮᠤᠬᠠᠨ ᠠᠰᠠᠭᠤᠳᠠᠯ ᠪᠣᠯᠬᠤ ᠵᠠᠯᠠᠭᠤ ᠪᠣᠯᠤᠨ ᠠᠬᠠᠮᠠᠳ ᠦᠶ᠎ᠡ ᠶ᠋ᠢᠨ ᠴᠠᢈᠢᠮ ᠬᠤᠪᠢᠶᠠᠭᠳᠠᠯ ᠤ᠋ᠨ ᠬᠠᠷᠢᠯᠴᠠᠨ ᠣᠶᠢᠯᠠᠭᠠᠯᠴᠠᠯ ᠢ᠋ ᠰᠠᠶᠢᠵᠢᠷᠠᠭᠤᠯᠬᠤ ᠠᠴᠢ ᠬᠣᠯᠪᠤᠭᠳᠠᠯ ᠪᠦᢈᠦᠢ “ᠦᠨᠳᠦᠰᠦᠨ ᠦ᠋ ᠴᠠᢈᠢᠮ ᠡᠯᠴᠢ” ᢈᠥᠲᠦᠯᠪᠦᠷᠢ ᠠᠮᠵᠢᠯᠲᠠᠲᠠᠢ ᢈᠡᠷᠡᢉᠵᠢᠵᠦ ᠬᠠᠭᠠᠯᠲᠠ ᠶ᠋ᠢᠨ ᠦᠶᠢᠯᠡ ᠠᠵᠢᠯᠯᠠᠭ᠎ᠠ ᠪᠠᠨ ᠐᠑ ᠳ᠋ᠦ᠋ᢉᠡᠷ ᠰᠠᠷ᠎ᠠ ᠶ᠋ᠢᠨ ᠒᠑-ᠨᠢᠢ ᠡᠳᠦᠷ ᢈᠢᠯ᠎ᠡ᠃

“ᠢ-ᠮᠣᠩᠭᠤᠯ ᠠᠻᠠᠳ᠋ᠧᠮᠢ”-ᠡᠶᠢᠨ ᠰᠤᠳᠤᠯᠤᠭᠠᠴᠢ ᠶ᠋ᠢᠨ ᠡᠷᠳᠡᠮ ᠰᠢᠨᠵᠢᠯᠡᢉᠡᠨ ᠦ᠋ ᠥᢉᠦᠯᠡᠯ ᠣᠯᠠᠨ ᠤᠯᠤᠰ ᠤ᠋ᠨ SCOPUS-ᠲᠥ ᠪᠦᠷᠢᠳᢈᠡᠯ ᠲᠡᠢ ᠰᠡᠳᢈᠦᠯ ᠳ᠋ᠦ ᠨᠡᠶᠢᠲᠡᠯᠡᢉᠳᠡᠯ ᠢ᠋ᠶᠡᠨ ᠬᠣᠯᠪᠤᠭᠠᠨ ᠤ᠋ ᠪᠦᢉᠦᠳᠡ ᠨᠠᠶᠢᠷᠠᠮᠳᠠᠬᠤ ᢉᠧᠷᠮᠠᠨ᠋ ᠤᠯᠤᠰ ᠲᠤ ᠵᠣᢈᠢᠶᠠᠨ ᠪᠠᠶᠢᠭᠤᠯᠤᠭᠳᠠᠭᠰᠠᠨ ᠻᠣᠮᠫᠢᠶᠦ᠋ᠲ᠋ᠧᠷ ᠤ᠋ᠨ ᠰᠢᠨᠵᠢᠯᠡᢈᠦ ᠤᠬᠠᠭᠠᠨ᠂ ᠪᠣᠯᠪᠠᠰᠤᠷᠠᠯ ᠤ᠋ᠨ ᠲᠧᠻᠨᠤᠯᠤᢉᠢ ᠶ᠋ᠢᠨ ᠰᠠᠯᠪᠤᠷᠢ ᠶ᠋ᠢᠨ ᠣᠯᠠᠨ ᠤᠯᠤᠰ ᠤ᠋ᠨ ᠰᠢᠮᠫᠤᠽᠢᠦᠮ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠰᠤᠷᠭᠠᠯᠲᠠ᠂ ᠣᠯᠠᠨ ᠨᠡᠶᠢᠲᠡ ᠲᠡᠢ ᠬᠠᠷᠢᠯᠴᠠᠬᠤ ᠭᠠᠵᠠᠷ ᠤ᠋ᠨ ᠰᠤᠷᠭᠠᠯᠲᠠ ᠶ᠋ᠢᠨ ᢈᠡᠯᠲᠡᠰ ᠦ᠋ᠨ ᠳᠠᠷᠤᠭ᠎ᠠ᠂ ᠳᠣᠻᠲ᠋ᠤᠷᠠᠨᠲ ᠸ᠃ ᠯᠤᠲᠤ-ᠸᠴᠢᠷ ᠢᠯᠡᠳᢈᠡᠯ ᠲᠠᠨᠢᠯᠴᠠᠭᠤᠯᠤᠯ᠎ᠠ᠃ ᠤᠭ ᠡᠷᠳᠡᠮ ᠰᠢᠨᠵᠢᠯᠡᢉᠡᠨ ᠦ᠋ ᠪᠦᠲᠦᢉᠡᠯ ᠢ᠋ ᠥᠨᠳᠦᠷ ᠢ᠋ᠶᠡᠷ ᠦᠨᠡᠯᠡᠵᠦ ᠣᠯᠠᠨ ᠤᠯᠤᠰ ᠤ᠋ᠨ “SCOPUS”- ᠳ᠋ᠤ ᠪᠦᠷᠢᠳᢈᠡᠯ ᠲᠡᠢ “IEEE Xplore” ᠰᠡᠳᢈᠦᠯ ᠳ᠋ᠦ ᠨᠡᠶᠢᠲᠡᠯᠡᢉᠳᠡᠯᠦᢉᠡ᠃ ᠲᠤᠰ ᠡᠷᠳᠡᠮ ᠰᠢᠨᠵᠢᠯᠡᢉᠡᠨ ᠦ᠋ ᠥᢉᠦᠯᠡᠯ ᠨᠢ “ᠢ-ᠮᠣᠩᠭᠤᠯ ᠠᠻᠠᠳ᠋ᠧᠮᠢ” ᠤᠲᠤᠭ- ᠠ᠋ᠴᠠ ᠣᠯᠠᠨ ᠤᠯᠤᠰ ᠤ᠋ᠨ Scopus-ᠲ ᠪᠦᠷᠢᠳᢈᠡᠯ ᠲᠡᠢ ᠰᠡᠳᢈᠦᠯ ᠳ᠋ᠦ ᠨᠡᠶᠢᠲᠡᠯᠡᢉᠦᠯᠦᢉᠰᠡᠨ ᠠᠩᠬᠠᠨ ᠤ᠋ ᠲᠣᢈᠢᠶᠠᠯᠳᠤᠯ ᠪᠣᠯᠵᠤ ᠪᠠᠶᠢᠭ᠎ᠠ ᠪᠠᠷ ᠢ᠋ᠶᠠᠨ ᠣᠨᠴᠠᠯᠢᠭ ᠲᠠᠢ ᠶᠤᠮ᠃

“AI DATA SUMMIT ᠒᠐᠒᠕ ᠪᠤᠤ ᠬᠠᠯᠠᠶ᠎ᠠ” ᠴᠢᠯᠦᢉᠡᠲᠦ ᠠᠭᠤᠯᠵᠠᠯᠲᠠ ᠪᠣᠯᠤᠯ᠎ᠠ ᠮᠣᠩᠭᠣᠯ ᠤᠯᠤᠰ ᠤ᠋ᠨ ᠶᠡᢈᠡ ᠥᢉᢉᠦᢉᠳᠡᠯ᠂ ᢈᠢᠮᠡᠯ ᠣᠶᠤᠨ ᠤᠬᠠᠭᠠᠨ ᠤ᠋ ᠦᠨᠳᠦᠰᠦᠨ ᠦ᠋ ᠰᠲ᠋ᠷᠠᠲ᠋ᠧᢉᠢ ᢈᠡᠯᠡᠯᠴᠡᢉᠦᠯᢈᠦ ᠠᠩᠬᠠᠳᠤᠭᠠᠷ ᠴᠢᠭᠤᠯᠭᠠᠨ ᠤ᠋ ᠪᠡᠯᠡᠳᢈᠡᠯ ᠠᠵᠢᠯ ᠤ᠋ᠨ ᢈᠦᠷᠢᠶᠡᠨ ᠳ᠋ᠦ ᠴᠠᢈᠢᠮ ᢈᠥᢉᠵᠢᠯ᠂ ᠢᠨ᠋ ᠨᠣᠸᠠᠼ ᠬᠠᠷᠢᠯᠴᠠᠭ᠎ᠠ ᠬᠣᠯᠪᠤᠭᠠᠨ ᠤ᠋ ᠶᠠᠮᠤ᠂ “ᠢ-ᠮᠣᠩᠭᠤᠯ ᠠᠻᠠᠳ᠋ᠧᠮᠢ” ᠤᠲᠤᠭ᠂ ᠮᠡᠳᠡᢉᠡᠯᠡᠯ ᠦ᠋ᠨ ᠲᠧᠻᠨᠤᠯᠤᢉᠢ ᠶ᠋ᠢᠨ ᠦᠨᠳᠦᠰᠦᠨ ᠦ᠋ ᠫᠠᠷᠻ ᠬᠠᠮᠲᠤᠷᠠᠨ “AI Data SUMMIT ᠒᠐᠒᠕ ᠪᠤᠤ ᠬᠠᠯᠠᠶ᠎ᠠ” ᠴᠢᠯᠦᢉᠡᠲᠦ ᠠᠭᠤᠯᠵᠠᠯᠲᠠ ᠶ᠋ᠢ ᠐᠑ ᠳ᠋ᠦ᠋ᢉᠡᠷ ᠰᠠᠷ᠎ᠠ ᠶ᠋ᠢᠨ ᠒᠓-ᠨᠢ ᠡᠳᠦᠷ ᠵᠣᢈᠢᠶᠠᠨ ᠪᠠᠶᠢᠭᠤᠯᠤᠯ᠎ᠠ᠃

E-MONGOLIA ᠰᠢᠰᠲ᠋ᠧᠮ ᠳ᠋ᠦ ᠴᠠᢈᠢᠮᠵᠢᠵᠤ ᠪᠤᠢ ᠦᠶᠢᠯᠡᠴᠢᠯᠡᢉᠡᠨ ᠦ᠋ ᠲᠣᠭ᠎ᠠ ᠪᠢᠰᠢ ᠴᠢᠨᠠᠷ ᠲᠤ ᠠᠩᠬᠠᠷᠴᠤ ᠠᠵᠢᠯᠯᠠᠨ᠎ᠠ

“ᠢ-ᠮᠣᠩᠭᠤᠯ ᠠᠻᠠᠳ᠋ᠧᠮᠢ” ᠤᠲᠤᠭ- ᠤ᠋ᠨ ᢈᠥᢉᠵᠢᢉᠦᠯᠵᠦ ᠪᠤᠢ E-Mongolia ᠰᠢᠰᠲ᠋ᠧᠮ ᠳ᠋ᠦ ᠣᠳᠤ ᠶ᠋ᠢᠨ ᠪᠠᠶᠢᠳᠠᠯ ᠢ᠋ᠶᠠᠷ ᠘᠘ ᠪᠠᠶᠢᠭᠤᠯᠤᠯᠭ᠎ᠠ ᠶ᠋ᠢᠨ ᠑᠒᠖᠔ ᠦᠢᠯᠡᠴᠢᠯᠡᢉᠡ ᠣᠷᠤᠭᠰᠠᠨ᠃ ᠡᢉᠦᠨ ᠡᠴᠡ ᠵᠠᠷᠢᠮ ᠦᠢᠯᠡᠴᠢᠯᠡᢉᠡ ᠶ᠋ᠢ ᠢᠷᢉᠡᠳ ᠦ᠋ᠨ ᠬᠤᠪᠢ ᠳ᠋ᠤ ᠣᠭᠲᠤ ᠮᠡᠳᠡᢈᠦ ᠦᢉᠡᠢ᠂ ᠠᠪᠳᠠᠭ ᠦᢉᠡᠢ ᠦᠢᠯᠡᠴᠢᠯᠡᢉᠡ ᠨᠦ᠋ᢉᠦᠳ ᠰᠤᠳᠤᠯᠭᠠᠨ ᠤ᠋ ᠦᠨᠳᠦᠰᠦᠨ ᠳᠡᢉᠡᠷ᠎ᠡ ᠭᠠᠷᠤᠭᠰᠠᠨ ᠤᠴᠢᠷ ᠠ᠋ᠴᠠ ᠴᠠᠭᠠᠰᠢᠳᠠ ᠡᠨᠡ ᠲᠠᠯ᠎ᠠ ᠳᠡᢉᠡᠷ᠎ᠡ ᠲᠦᠯᢈᠢᢉᠦᠦ ᠠᠩᠬᠠᠷᠴᠤ ᠲᠤᠬᠠᠢ ᠶ᠋ᠢᠨ ᠦᠢᠯᠡᠴᠢᠯᠡᢉᠡ ᠶ᠋ᠢ ᠦᠵᠡᢉᠦᠯᠳᠡᢉ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭ᠎ᠠ ᠨᠤᠭᠤᠳ ᠲᠠᠢ ᠬᠠᠮᠲᠤ ᠶ᠋ᠢᠨ ᠠᠵᠢᠯᠯᠠᠭ᠎ᠠ ᠶ᠋ᠢ ᠪᠡᢈᠢᠵᠢᢉᠦᠯᢈᠦ ᠠᠭᠤᠯᠵᠠᠯᠲᠠ ᠶ᠋ᠢ ᠱᠠᠲᠤ ᠳᠠᠷᠠᠭ᠎ᠠ ᠲᠠᠢ ᠵᠣᢈᠢᠶᠠᠨ ᠪᠠᠶᠢᠭᠤᠯᠵᠤ ᠡᢈᠢᠯᠡᢉᠰᠡᠨ ᠪᠥᢉᠡᠳ ᠡᠨᠡ ᠳᠣᠯᠤᠭ᠎ᠠ ᠬᠣᠨᠤᠭ ᠲᠤ ᠪᠣᠭᠤᠭᠠᠶ᠎ᠠ᠂ ᢈᢈᠧᢉ᠂ ᠦᠪᠧᢉ-ᠲᠠᠢ ᠲᠤᠰ ᠲᠤᠰ ᠠᠭᠤᠯᠵᠠᠯᠲᠠ ᠵᠣᢈᠢᠶᠠᠨ ᠪᠠᠶᠢᠭᠤᠯᠵᠤ ᠰᠠᠨᠠᠯ ᠰᠣᠯᠢᠯᠴᠠᠯ᠎ᠠ᠃

ᠨᠡᠶᠢᠲᠡᠯᠡᠭᠰᠡᠨ᠄