ᠲᠥᠷᠦ ᠶ᠋ᠢᠨ ᠠᠯᠪᠠᠨ ᠬᠠᠭᠠᠭᠴᠢ ᠶ᠋ᠢᠨ ᠴᠠᢈᠢᠮ ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ ᠳ᠋ᠦ ᠬᠠᠮᠲᠤᠷᠠᠨ ᠠᠵᠢᠯᠯᠠᠨ᠎ᠠ


ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ᠂ ᢈᠢᠯᠪᠠᠷ ᠪᠠᠶᠢᠳᠠᠯ ᠢ᠋ ᠨᠡᠮᠡᢉᠳᠡᢉᠦᠯᢈᠦ᠂ ᠲᠥᠷᠦ ᠶ᠋ᠢᠨ ᠠᠯᠪᠠᠨ ᠬᠠᠭᠠᠭᠴᠢᠳ ᠤ᠋ᠨ ᠴᠠᢈᠢᠮ ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ᠂ ᠪᠣᠭᠤᠨᠢ ᠬᠤᠭᠤᠴᠠᠭᠠᠨ ᠤ᠋ ᠰᠤᠷᠭᠠᠯᠲᠠ ᠶ᠋ᠢ ᠬᠠᠮᠲᠤᠷᠠᠨ ᠵᠣᢈᠢᠶᠠᠨ ᠪᠠᠶᠢᠭᠤᠯᠬᠤ᠂ ᠬᠠᠮᠲᠤ ᠶ᠋ᠢᠨ ᠠᠵᠢᠯᠯᠠᠭ᠎ᠠ ᠶ᠋ᠢ ᠥᠷᢉᠡᠵᠢᢉᠦᠯᢈᠦ ᠵᠣᠷᠢᠯᠭ᠎ᠠ ᠪᠠᠷ ᠤᠳᠤᠷᠢᠳᠤᠯᠭ᠎ᠠ ᠶ᠋ᠢᠨ ᠠᠻᠠᠳ᠋ᠧᠮᠢ ᠲᠠᠢ /᠒᠐᠒᠕᠂᠐᠒᠂᠑᠑/ ᠰᠠᠨᠠᠯ ᠰᠣᠯᠢᠯᠴᠠᠬᠤ ᠠᠭᠤᠯᠵᠠᠯᠲᠠ ᠶ᠋ᠢ ᠵᠣᢈᠢᠶᠠᠨ ᠪᠠᠶᠢᠭᠤᠯᠤᠯ᠎ᠠ᠃ ᠠᠭᠤᠯᠵᠠᠯᠲᠠ ᠪᠠᠷ “ᠠᠯᠤᠰ ᠤ᠋ᠨ ᠬᠠᠷᠠᠭ᠎ᠠ-᠒᠐᠕᠐″ ᠮᠣᠩᠭᠣᠯ ᠤᠯᠤᠰ ᠤ᠋ᠨ ᠤᠷᠲᠤ ᠬᠤᠭᠤᠴᠠᠭᠠᠨ ᠤ᠋ ᢈᠥᢉᠵᠢᠯ ᠦ᠋ᠨ ᠪᠣᠳᠤᠯᠭ᠎ᠠ ᠶ᠋ᠢᠨ ᢈᠡᠷᠡᢉᠵᠢᠯᠲᠡ ᠶ᠋ᠢ ᠡᠷᠴᠢᠮᠵᠢᢉᠦᠯᢈᠦ᠂ “ᠴᠠᢈᠢᠮ ᠦᠨᠳᠦᠰᠦᠲᠡᠨ” ᠵᠣᠷᠢᠯᠲᠠ ᠶ᠋ᠢ ᠬᠠᠩᠭᠠᠵᠤ ᠠᠵᠢᠯᠯᠠᠬᠤ᠂ ᠲᠥᠷᠦ ᠶ᠋ᠢᠨ ᠴᠠᢈᠢᠮ ᠰᠢᠯᠵᠢᠯᠲᠡ ᠶ᠋ᠢ ᠳᠡᠮᠵᠢᢈᠦ᠂ ᠲᠥᠷᠦ ᠶ᠋ᠢᠨ ᠦᠢᠯᠡᠴᠢᠯᠡᢉᠡ ᠪᠣᠯᠤᠨ ᠦᠢᠯᠡ ᠠᠵᠢᠯᠯᠠᠭ᠎ᠠ ᠶ᠋ᠢ ᠴᠠᢈᠢᠮᠵᠢᠭᠤᠯᠬᠤ᠂ ᠲᠥᠷᠦ ᠶ᠋ᠢᠨ ᠠᠯᠪᠠᠨ ᠬᠠᠭᠠᠭᠴᠢᠳ ᠢ᠋ ᠴᠢᠳᠠᠪᢈᠢᠵᠢᠭᠤᠯᠬᠤ ᠰᠤᠷᠭᠠᠯᠲᠠ ᠶ᠋ᠢᠨ ᢈᠥᠲᠦᠯᠪᠦᠷᠢ ᠪᠣᠯᠪᠠᠰᠤᠷᠠᠭᠤᠯᠬᠤ᠂ᠪᠣᠭᠤᠨᠢ ᠬᠤᠭᠤᠴᠠᠭᠠᠨ ᠤ᠋ ᠰᠤᠷᠭᠠᠯᠲᠠ ᠨᠤᠭᠤᠳ ᠢ᠋ ᠬᠠᠮᠲᠤᠷᠠᠨ ᠵᠣᢈᠢᠶᠠᠨ ᠪᠠᠶᠢᠭᠤᠯᠬᠤ ᠵᠡᠷᢉᠡ ᠪᠡᠷ ᠒᠐᠒᠕ ᠣᠨ ᠳ᠋ᠤ ᠬᠠᠮᠲᠤᠷᠠᠨ ᠠᠵᠢᠯᠯᠠᠬᠤ ᠠᠷᠭ᠎ᠠ ᢈᠡᠮᠵᠢᠶᠡᠨ ᠦ᠋ ᠲᠥᠯᠦᠪᠯᠡᢉᠡ ᠪᠣᠯᠪᠠᠰᠤᠷᠠᠭᠤᠯᠤᠨ ᠠᠵᠢᠯᠯᠠᠬᠤ ᠪᠠᠷ ᠰᠠᠨᠠᠯ ᠰᠣᠯᠢᠯᠴᠠᠯ᠎ᠠ᠃ ᠲᠤᠰᠠ ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ‍᠂ ᠮᠢᠭᠮᠠᠷᠨᠠᠷᠠᠨ᠂ ᠰᠣᠩᠬᠤᠭ- ᠤ᠋ᠨ ᠳᠠᠷᠤᠭ᠎ᠠ ᠪ᠃ ᠲᠥᠷᠦᠪᠠᠲᠤ᠂ ᠰᠤᠷᠭᠠᠯᠲᠠ ᠶ᠋ᠢᠨ ᢈᠡᠯᠲᠡᠰ ᠦ᠋ᠨ ᠳᠠᠷᠤᠭ᠎ᠠ ᠸ᠃ ᠯᠤᠲᠤ-ᠸᠴᠢᠷ ᠮᠤᠵᠠᠭ- ᠤ᠋ᠨ ᢈᠡᠷᠡᢉᠵᠢᢉᠦᠯᠦᢉᠴᠢ ᠠᢉᠧᠨ᠋ᠲ᠋ᠯᠢᠭ ᠤᠳᠤᠷᠢᠳᠤᠯᠭ᠎ᠠ ᠶ᠋ᠢᠨ ᠠᠻᠠᠳ᠋ᠧᠮᠢ ᠶ᠋ᠢᠨ ᠵᠠᢈᠢᠷᠤᠯ ᠳ᠋ᠠ‍᠂ᠰᠦᠷᠦᠩᠴᠢᠮᠡᢉ᠂ ᠭᠠᠵᠠᠷ ᠤ᠋ᠨ ᠳᠠᠷᠤᠭ᠎ᠠ ᠴᠠ ᠡᠩᢈᠡᠮᠠᠨᠳᠤᠬᠤ ᠪᠣᠯᠤᠨ ᠬᠣᠯᠪᠤᠭᠳᠠᠬᠤ ᠲᠥᠯᠦᢉᠡᠯᠡᠯ ᠦ᠋ᠳ ᠣᠷᠤᠯᠴᠠᠪᠠ᠃ ᠲᠠᠯ᠎ᠠ ᠨᠤᠭᠤᠳ ᠲᠥᠷᠦ ᠶ᠋ᠢᠨ ᠠᠯᠪᠠᠨ ᠬᠠᠭᠠᠭᠴᠢᠳ ᠤ᠋ᠨ ᠴᠠᢈᠢᠮ ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ᠂ ᠴᠠᢈᠢᠮ ᠤᠷ᠎ᠠ ᠴᠢᠳᠠᠪᠤᠷᠢ ᠶ᠋ᠢᠨ ᠪᠦᠲᠦᠴᠡ ᠶ᠋ᠢᠨ ᢈᠦᠷᠢᠶᠡᠨ ᠦ᠋ ᠠᠷᠭᠠᠴᠢᠯᠠᠯ ᠢ᠋ᠶᠠᠷ ᠦᠨᠡᠯᠡᢉᠡᠨ ᠦ᠋ ᠰᠣᠷᠢᠯ ᠪᠣᠯᠪᠠᠰᠤᠷᠠᠭᠤᠯᠵᠤ ᢈᠡᠷᠡᢉᠯᠡᢉᠡᠨ ᠳ᠋ᠦ ᠨᠡᠪᠲᠡᠷᠡᢉᠦᠯᢈᠦ᠂ ᠲᠥᠷᠦ ᠶ᠋ᠢᠨ ᠦᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ ᠳ᠋ᠦ ᠲᠥᠷᠦ ᠶ᠋ᠢᠨ ᠠᠯᠪᠠᠨ ᠬᠠᠭᠠᠭᠴᠢᠳ ᠲᠤ ᠱᠠᠭᠠᠷᠳᠠᠯᠭᠠᠲᠠᠢ ᠦᠢᠯᠡᠴᠢᠯᠡᢉᠡ ᠶ᠋ᠢ ᠨᠡᠮᠡᠵᠦ ᠣᠷᠤᠭᠤᠯᠬᠤ ᠱᠠᠭᠠᠷᠳᠠᠯᠭᠠᠲᠠᠢ ᠪᠠᠶᠢᠭ᠎ᠠ ᠶ᠋ᠢ ᠣᠨᠴᠠᠯᠠᠭᠰᠠᠨ ᠶᠤᠮ᠃ “ᠢ-ᠮᠣᠩᠭᠤᠯ ᠠᠻᠠᠳ᠋ᠧᠮᠢ” ᠤᠲᠤᠭ ᠶ᠋ᠢ ᠨᠢ ᠒᠐᠒᠕ ᠣᠨ ᠳ᠋ᠤ ᠣᠯᠠᠨ ᠤᠯᠤᠰ ᠤ᠋ᠨ ᠪᠠᠶᠢᠭᠤᠯᠤᠯᠭ᠎ᠠ᠂ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭ᠎ᠠ ᠨᠤᠭᠤᠳ ᠤ᠋ᠨ ᠬᠠᠮᠲᠤ ᠶ᠋ᠢᠨ ᠠᠵᠢᠯᠯᠠᠭ᠎ᠠ ᠶ᠋ᠢ ᠪᠡᢈᠢᠵᠢᢉᠦᠯᢈᠦ ᠵᠣᠷᠢᠯᠭ᠎ᠠ ᠪᠠᠷ ᠱᠠᠲᠤ ᠳᠠᠷᠠᠭ᠎ᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ᠂ ᠢᠷᢉᠡᠳ ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ᠂ ᢈᠢᠯᠪᠠᠷ ᠪᠠᠶᠢᠳᠠᠯ ᠢ᠋ ᠨᠡᠮᠡᢉᠳᠡᢉᠦᠯᢈᠦ ᠴᠢᢉᠯᠡᠯ ᠢ᠋ᠶᠡᠷ ᠢᠳᠡᠪᢈᠢᠲᠡᠢ ᠠᠵᠢᠯ ᠤ᠋ᠳ ᠢ᠋ ᠵᠣᢈᠢᠶᠠᠨ ᠪᠠᠶᠢᠭᠤᠯᠵᠤ ᠪᠠᠶᠢᠭ᠎ᠠ ᠪᠢᠯᠡ᠃

ᠨᠡᠶᠢᠲᠡᠯᠡᠭᠰᠡᠨ᠄