ᢈᠥᠳᠡᠯᠮᠦᠷᠢ᠂ ᠬᠠᠯᠠᠮᠵᠢ ᠶ᠋ᠢᠨ ᠦᠢᠯᠡᠴᠢᠯᠡᢉᠡᠨ ᠦ᠋ ᠶᠡᠷᠦᠩᢈᠡᠢ ᠭᠠᠵᠠᠷ ᠠ᠋ᠴᠠ ᠢᠷᢉᠡᠳ ᠲᠦ ᠦᠵᠡᢉᠦᠯᠳᠡᢉ ᠨᠡᠶᠢᠲᠡ 72 ᠦᠢᠯᠡᠴᠢᠯᠡᢉᠡᠨ ᠡᠴᠡ 28 ᠦᠢᠯᠡᠴᠢᠯᠡᢉᠡ ᠨᠢ ᠣᠳᠤ ᠪᠠᠷ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠳ᠋ᠦ ᠬᠣᠯᠪᠤᠭᠳᠠᠭᠰᠠᠨ ᠪᠠᠶᠢᠨᠠ᠃ ᠢᠷᢉᠡᠳ ᠳᠠᠪᠬᠤᠷᠳᠠᠭᠰᠠᠨ ᠲᠣᠭᠠ ᠪᠠᠷ 982᠂773 ᠤᠳᠠᠭᠠ ᠶ᠋ᠢᠨ ᠦᠢᠯᠡᠴᠢᠯᠡᢉᠡ ᠶ᠋ᠢ ᠴᠠᢈᠢᠮ ᠢ᠋ᠶᠠᠷ ᠠᠪᠴᠡᠢ᠃
2025 ᠣᠨ ᠳ᠋ᠤ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭᠠ ᠨᠤᠭᠤᠳ ᠤ᠋ᠨ ᠬᠠᠮᠲᠤ ᠶ᠋ᠢᠨ ᠠᠵᠢᠯᠯᠠᠭᠠ ᠶ᠋ᠢ ᠪᠡᢈᠢᠵᠢᢉᠦᠯᢈᠦ ᠵᠣᠷᠢᠯᠭᠠ ᠪᠠᠷ “ᠢ-ᠮᠣᠩᠭᠤᠯ ᠠᠻᠠᠳ᠋ᠧᠮᠢ” ᠤᠲᠤᠭ ᠨᠢ ᠱᠠᠲᠤ ᠳᠠᠷᠠᠭᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ᠂ ᠢᠷᢉᠡᠳ ᠲᠦ ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ ᠶ᠋ᠢ ᠨᠡᠮᠡᢉᠳᠡᢉᠦᠯᢈᠦ᠂ ᢈᠢᠯᠪᠠᠷ ᠪᠠᠶᠢᠳᠠᠯ ᠢ᠋ ᠪᠤᠢ ᠪᠣᠯᠭᠠᠬᠤ ᠴᠢᢉᠯᠡᠯ ᠢ᠋ᠶᠡᠷ ᢈᠥᠳᠡᠯᠮᠦᠷᠢ᠂ ᠬᠠᠯᠠᠮᠵᠢ ᠶ᠋ᠢᠨ ᠦᠶᠢᠯᠡᠴᠢᠯᠡᢉᠡᠨ ᠦ᠋ ᠶᠡᠷᠦᠩᢈᠡᠢ ᠭᠠᠵᠠᠷ ᠲᠠᠢ /2025᠂02᠂19/ ᠠᠭᠤᠯᠵᠠᠯᠲᠠ ᠵᠣᢈᠢᠶᠠᠨ ᠪᠠᠶᠢᠭᠤᠯᠤᠯᠠ᠃
ᠲᠤᠰᠠ ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ᠂ ᠮᠢᠭᠮᠠᠷᠨᠠᠷᠠᠨ᠂ ᠰᠣᠩᠬᠤᠭ- ᠤ᠋ᠨ ᠳᠠᠷᠤᠭᠠ ᠪ᠃ ᠲᠥᠷᠦᠪᠠᠲᠤ᠂ ᠪᠣᠯᠤᠨ ᠬᠣᠯᠪᠤᠭᠳᠠᠬᠤ ᠮᠡᠷᢉᠡᠵᠢᠯᠲᠡᠨ ᠨᠦ᠋ᢉᠦᠳ᠂ ᠮᠤᠵᠠᠭ- ᠤ᠋ᠨ ᢈᠡᠷᠡᢉᠵᠢᢉᠦᠯᠦᢉᠴᠢ ᠠᢉᠧᠨ᠋ᠲ᠋ᠯᠢᠭ ᢈᠥᠳᠡᠯᠮᠦᠷᠢ᠂ ᠬᠠᠯᠠᠮᠵᠢ ᠶ᠋ᠢᠨ ᠦᠢᠯᠡᠴᠢᠯᠡᢉᠡᠨ ᠦ᠋ ᠶᠡᠷᠦᠩᢈᠡᠢ ᠭᠠᠵᠠᠷ ᠤ᠋ᠨ ᠳᠠᠷᠤᠭᠠ ᠵᠠ᠂ᠡᠩᢈᠡᠪᠣᠯᠤᠳ᠂ ᠲᠧᠻᠨᠤᠯᠤᢉᠢ ᠶ᠋ᠢᠨ ᠲᠥᠪ ᠦ᠋ᠨ ᠳᠠᠷᠤᠭᠠ ᠳ᠋ᠠ᠂ᠳᠠᠸᠠᠵᠢᠷᠭᠠᠯ ᠨᠠᠷᠠᠨ ᠣᠷᠤᠯᠴᠠᠪᠠ᠃
ᠲᠠᠯᠠ ᠨᠤᠭᠤᠳ ᠴᠠᠭᠠᠰᠢᠳᠠ ᢈᠥᠳᠡᠯᠮᠦᠷᠢ᠂ ᠬᠠᠯᠠᠮᠵᠢ ᠶ᠋ᠢᠨ ᠦᠶᠢᠯᠡᠴᠢᠯᠡᢉᠡᠨ ᠦ᠋ ᠶᠡᠷᠦᠩᢈᠡᠢ ᠭᠠᠵᠠᠷ ᠤ᠋ᠨ ᠬᠠᠷᠢᠭᠤᠴᠠᠳᠠᠭ E-Halamj᠂ᠤ᠂ ᠹ᠂᠂ E-Job ᠫᠯᠠᠲ᠋ᠹᠤᠷᠮ ᠤ᠋ᠨ ᠦᠶᠢᠯᠡᠴᠢᠯᠡᢉᠡ ᠨᠦ᠋ᢉᠦᠳ ᠢ᠋ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠢ᠋ᠶᠡᠷ ᠳᠠᠮᠵᠢᠭᠤᠯᠤᠨ ᠢᠷᢉᠡᠳ ᠲᠦ ᢈᠦᠷᢈᠡᢈᠦ ᠠᠰᠠᠭᠤᠳᠠᠯ ᠢ᠋ ᢈᠡᠯᠡᠯᠴᠡᠯᠡ᠃ ᠮᠥᠨ ᠴᠠᢈᠢᠮᠵᠢᠭᠠ ᠦᢉᠡᠢ ᠦᠢᠯᠡᠴᠢᠯᠡᢉᠡ ᠶ᠋ᠢ ᠴᠠᢈᠢᠮᠵᠢᠭᠤᠯᠬᠤ᠂ ᠴᠠᢈᠢᠮ ᠦᠢᠯᠡᠴᠢᠯᠡᢉᠡ ᠶ᠋ᠢ ᠠᠰᠢᠭᠯᠠᠵᠤ ᠴᠢᠳᠠᠬᠤ ᠦᢉᠡᠢ ᠪᠠᠶᠢᠭᠠ ᠢᠷᢉᠡᠳ ᠲᠦ ᠵᠣᠷᠢᠭᠤᠯᠤᠭᠰᠠᠨ ᠮᠡᠳᠡᢉᠡ᠂ ᠮᠡᠳᠡᢉᠡᠯᠡᠯ ᠢ᠋ ᠴᠠᠭ ᠠᠯᠳᠠᠯ ᠦᢉᠡᠢ ᢈᠦᠷᢈᠡᢈᠦ ᠲᠠᠯᠠᠭᠠᠷ ᠠᠩᠬᠠᠷᠴᠤ ᠬᠠᠮᠲᠤᠷᠠᠨ ᠠᠵᠢᠯᠯᠠᠬᠤ ᠪᠠᠷ ᠰᠠᠨᠠᠯ ᠰᠣᠯᠢᠯᠴᠠᠯᠠ᠃ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ᠂ ᠮᠢᠭᠮᠠᠷᠨᠠᠷᠠᠨ ᠠᠭᠤᠯᠵᠠᠯᠲᠠ ᠶ᠋ᠢᠨ ᠲᠡᢉᠦᠰᢈᠡᠯ ᠳ᠋ᠦ ᠬᠠᠮᠲᠤ ᠶ᠋ᠢᠨ ᠠᠵᠢᠯᠯᠠᠭᠠ ᠶ᠋ᠢ ᠪᠡᢈᠢᠵᠢᢉᠦᠯᢈᠦ ᠶ᠋ᠢᠨ ᠲᠤᠯᠠᠳᠠ ᠱᠠᠲᠤ ᠳᠠᠷᠠᠭᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ᠂ ᠢᠷᢉᠡᠳ ᠲᠦ ᠲᠥᠷᠦ ᠶ᠋ᠢᠨ ᠦᠢᠯᠡᠴᠢᠯᠡᢉᠡ ᠶ᠋ᠢ ᠢᠯᠡᢉᠦᠦ ᢈᠦᠷᠲᠡᢉᠡᠮᠵᠢᠲᠡᠢ᠂ ᢈᠢᠯᠪᠠᠷ ᠪᠠᠶᠢᠳᠠᠯ ᠢ᠋ᠶᠠᠷ ᢈᠦᠷᢈᠡᢈᠦ ᠳ᠋ᠦ ᠳᠡᠮᠵᠢᠨ ᠠᠵᠢᠯᠯᠠᠬᠤ ᠪᠠᠨ ᠣᠨᠴᠠᠯᠠᠨ ᠲᠡᠮᠳᠡᢉᠯᠡᢉᠰᠡᠨ ᠶᠤᠮ᠃