ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠰᠢᠰᠲ᠋ᠧᠮ E-Mongolia- ᠳ᠋ᠤ ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ ᠦ᠋ᠨ “ᠡᠷᠡᢉᠦᠯ ᠮᠡᠨᠳᠦ ᠶ᠋ᠢᠨ ᠠᠵᠢᠯᠲᠠᠨ ᠤ᠋ ᠮᠡᠷᢉᠡᠰᠢᠯ ᠦ᠋ᠨ ᠵᠡᠷᢉᠡ ᠶ᠋ᠢᠨ ᠯᠠᠪᠯᠠᠭᠠ”᠂ᠤ᠂ ᠹ᠂᠂ “ᠡᠮᠨᠡᠯᢉᠡ ᠶ᠋ᠢᠨ ᠮᠡᠷᢉᠡᠵᠢᠯᠲᠡᠨ ᠦ᠋ ᠮᠡᠷᢉᠡᠵᠢᠯ ᠦ᠋ᠨ ᠦᠶᠢᠯᠡ ᠠᠵᠢᠯᠯᠠᠭᠠ ᠡᠷᢈᠢᠯᠡᢈᠦ ᠵᠥᠪᠰᠢᠶᠡᠷᠡᠯ ᠦ᠋ᠨ ᠯᠠᠪᠯᠠᠭᠠ” ᠰᠢᠨᠡᠴᠢᠯᠡᢉᠳᠡᠯᠡ᠃
ᠡᠮᠦᠨᠡ ᠨᠢ ᠡᠮᠨᠡᠯᢉᠡ ᠶ᠋ᠢᠨ ᠮᠡᠷᢉᠡᠵᠢᠯᠲᠡᠨ ᠦ᠋ ᠬᠠᠮᠤᠭ ᠤ᠋ᠨ ᠰᠡᢉᠦᠯ ᠦ᠋ᠨ ᢈᠦᠴᠦᠨ ᠲᠡᠢ ᠵᠡᠷᢉᠡ᠂ ᠵᠥᠪᠰᠢᠶᠡᠷᠡᠯ ᠦ᠋ᠨ ᠲᠤᠬᠠᠢ ᠮᠡᠳᠡᢉᠡᠯᠡᠯ ᠢ᠋ ᢈᠦᠷᢈᠡᠳᠡᢉ ᠪᠠᠶᠢᠭᠰᠠᠨ ᠪᠣᠯ ᠣᠳᠤ ᠪᠦᢈᠦ ᠴᠠᠭ ᠦᠶᠡ ᠶ᠋ᠢᠨ ᠵᠡᠷᢉᠡ᠂ ᠵᠥᠪᠰᠢᠶᠡᠷᠡᠯ ᠦ᠋ᠨ ᠲᠡᠦᢈᠡ ᠶ᠋ᠢ ᠬᠠᠷᠠᠬᠤ ᠪᠣᠯᠤᠮᠵᠢ ᠲᠠᠢ ᠪᠣᠯᠤᠯᠠ᠃
ᠡᠨᠡ ᢈᠦ ᠦᠢᠯᠡᠴᠢᠯᠡᢉᠡ ᠰᠢᠨᠡᠴᠢᠯᠡᢉᠳᠡᢉᠰᠡᠨ ᠢ᠋ᠶᠡᠷ ᠡᠷᠡᢉᠦᠯ ᠮᠡᠨᠳᠦ ᠶ᠋ᠢᠨ ᠮᠡᠷᢉᠡᠵᠢᠯᠲᠡᠨ ᠨᠦ᠋ᢉᠦᠳ ᠮᠡᠷᢉᠡᠰᠢᠯ ᠦ᠋ᠨ ᠵᠡᠷᢉᠡ ᠶ᠋ᠢᠨ ᠪᠣᠯᠤᠨ ᠵᠥᠪᠰᠢᠶᠡᠷᠡᠯ ᠦ᠋ᠨ ᠯᠠᠪᠯᠠᠭᠠ ᠶ᠋ᠢ ᠢᠯᠡᢉᠦᠦ ᠬᠤᠷᠳᠤᠨ᠂ ᢈᠢᠯᠪᠠᠷ ᠢ᠋ᠶᠠᠷ ᠠᠪᠬᠤ ᠪᠣᠯᠤᠮᠵᠢ ᠨᠤᠭᠤᠳ ᠪᠦᠷᠢᠳᠴᠦ ᠪᠠᠶᠢᠭᠠ ᠶᠤᠮ᠃