“ᠢ-ᠮᠣᠩᠭᠤᠯ ᠠᠻᠠᠳ᠋ᠧᠮᠢ” ᠤᠲᠤᠭ ᠨᠢ ISO 27001:2022 ᠪᠣᠯᠤᠨ ISO 9001:2015 ᠰᠲ᠋ᠠᠨᠳᠠᠷᠲ ᠤ᠋ᠨ ᢉᠡᠷᠡᠴᠢᠯᠡᢉᠡ ᠭᠠᠷᠳᠠᠨ ᠠᠪᠤᠯ᠎ᠠ


ᠮᠣᠩᠭᠤᠯ ᠤᠯᠤᠰ ᠤ᠋ᠨ ᠴᠠᢈᠢᠮ ᢈᠥᢉᠵᠢᠯ᠂ ᠢᠨ᠋᠊ᠨᠣᠸᠠᠼ ᠤ᠋ᠨ ᠲᠡᠷᠢᢉᠦᠯᠡᢉᠴᠢ ᠪᠠᠶᠢᠭᠤᠯᠤᠯᠭ᠎ᠠ ᠪᠣᠯᠬᠤ “ᠢ-ᠮᠣᠩᠭᠤᠯ ᠠᠻᠠᠳ᠋ᠧᠮᠢ” ᠤᠲᠦᢉ ᠨᠢ ᠠᠨᠤ- ᠤ᠋ᠨ IAS᠂ᠤ‍᠂ ᠹ‍᠂᠂ ᠮᠣᠩᠭᠤᠯ ᠤᠯᠤᠰ ᠤ᠋ᠨ ᠦᠨᠳᠦᠰᠦᠨ ᠦ᠋ MNAS ᠢᠲᠡᢉᠡᠮᠵᠢᠯᠡᠯ ᠲᠡᠢ ᠲᠣᢈᠢᠷᠠᠯ ᠤ᠋ᠨ ᠦᠨᠡᠯᠡᢉᠡᠨ ᠦ᠋ ᠪᠠᠶᠢᠭᠤᠯᠤᠯᠭ᠎ᠠ ᠮᠣᠨᠰᠧᠷᠲ᠋ᠹ ᠬᠬᠠ- ᠠ᠋ᠴᠠ ISO 27001:2022 (ᠮᠡᠳᠡᢉᠡᠯᠡᠯ ᠦ᠋ᠨ ᠠᠶᠤᠯ ᠦᢉᠡᠢ ᠪᠠᠶᠢᠳᠠᠯ ᠤ᠋ᠨ ᠮᠧᠨᠧᠵᠮᠧᠨᠲ ᠦ᠋ᠨ ᠲᠣᠭᠲᠠᠯᠴᠠᠭ᠎ᠠ) ᠪᠣᠯᠤᠨ ISO 9001:2015 (ᠴᠢᠨᠠᠷ ᠤ᠋ᠨ ᠮᠧᠨᠧᠵᠮᠧᠨᠲ ᠦ᠋ᠨ ᠲᠣᠭᠲᠠᠯᠴᠠᠭ᠎ᠠ) ᠣᠯᠠᠨ ᠤᠯᠤᠰ ᠤ᠋ᠨ ᠰᠲ᠋ᠠᠨ᠋ᠳᠠᠷᠲ ᠤ᠋ᠳ ᠤ᠋ᠨ ᠪᠠᠲᠤᠯᠠᠭᠠᠵᠢᠭᠤᠯᠤᠯᠲᠠ ᠶ᠋ᠢᠨ ᢉᠡᠷᠡᠴᠢᠯᠡᢉᠡ ᠶ᠋ᠢ ᠠᠮᠵᠢᠯᠲᠠᠲᠠᠢ ᠭᠠᠷᠳᠠᠨ ᠠᠪᠤᠯ᠎ᠠ᠃

ᠡᠳᠡᢉᠡᠷ ᠰᠲ᠋ᠠᠨᠳᠠᠷᠲ ᠤ᠋ᠳ ᠢ᠋ ᢈᠡᠷᠡᢉᠵᠢᢉᠦᠯᠦᢉᠰᠡᠨ ᠢ᠋ᠶᠡᠷ “ᠢ-ᠮᠣᠩᠭᠤᠯ ᠠᠻᠠᠳ᠋ᠧᠮᠢ” ᠤᠲᠤᠭ ᠨᠢ ᠮᠡᠳᠡᢉᠡᠯᠡᠯ ᠦ᠋ᠨ ᠠᠶᠤᠯ ᠦᢉᠡᠢ ᠪᠠᠶᠢᠳᠠᠯ ᠤ᠋ᠨ ᠥᠨᠳᠦᠷ ᠲᠦᠪᠰᠢᠨ ᠦ᠋ ᠬᠠᠮᠠᠭᠠᠯᠠᠯᠲᠠ ᠲᠠᠢ᠂ ᢈᠡᠷᠡᢉᠯᠡᢉᠴᠢ ᠶ᠋ᠢᠨ ᠰᠡᠳᢈᠢᠯ ᠬᠠᠨᠤᠮᠵᠢ ᠶ᠋ᠢ ᠳᠡᢉᠡᢉᠰᠢᠯᠡᢉᠦᠯᠦᢉᠰᠡᠨ᠂ ᠴᠢᠨᠠᠷ ᠤ᠋ᠨ ᠤᠳᠤᠷᠢᠳᠤᠯᠭ᠎ᠠ ᠶ᠋ᠢᠨ ᠲᠣᠭᠲᠠᠯᠴᠠᠭ᠎ᠠ ᠶ᠋ᠢ ᠪᠦᠷᠢᠨ ᠬᠠᠩᠭᠠᠭᠰᠠᠨ ᠪᠠᠶᠢᠭᠤᠯᠤᠯᠭ᠎ᠠ ᠪᠣᠯᠬᠤ ᠪᠠᠷ ᠪᠠᠲᠤᠯᠠᠭᠠᠵᠢᠭᠤᠯᠵᠤ ᠪᠠᠶᠢᠨ᠎ᠠ᠃          

ISO 27001:2022 ᠰᠲ᠋ᠠᠨ᠋ᠳᠠᠷᠲ ᠨᠢ ᠪᠠᠶᠢᠭᠤᠯᠤᠯᠭ᠎ᠠ ᠶ᠋ᠢᠨ ᠮᠡᠳᠡᢉᠡᠯᠡᠯ ᠦ᠋ᠨ ᠠᠶᠤᠯ ᠦᢉᠡᠢ ᠪᠠᠶᠢᠳᠠᠯ ᠢ᠋ ᠬᠠᠩᠭᠠᠬᠤ᠂ ᠡᠷᠦᠰᠳᠡᠯ ᠢ᠋ ᠤᠳᠤᠷᠢᠳᠬᠤ᠂ ᠻᠢᠪᠧᠷ ᠬᠠᠯᠳᠠᠯᠭ᠎ᠠ ᠠ᠋ᠴᠠ ᠬᠠᠮᠠᠭᠠᠯᠠᠬᠤ ᠴᠢᠬᠤᠯᠠ ᠠᠷᠭ᠎ᠠ ᢈᠡᠮᠵᠢᠶ᠎ᠡ ᠶ᠋ᠢ ᢈᠡᠷᠡᢉᠵᠢᢉᠦᠯᢈᠦ ᠪᠣᠯᠤᠮᠵᠢ ᠶ᠋ᠢ ᠣᠯᠭᠠᠳᠠᠭ᠃  ᠡᠨᠡ ᢈᠦ ᠰᠲ᠋ᠠᠨᠳᠠᠷᠲ ᠤ᠋ᠨ ᢈᠦᠷᠢᠶ ᠡᠨ ᠳ᠋ᠦ “ᠢ-ᠮᠣᠩᠭᠤᠯ ᠠᠻᠠᠳ᠋ᠧᠮᠢ” ᠤᠲᠤᠭ ᠤ᠋ᠨ ᠮᠡᠳᠡᢉᠡᠯᠡᠯ ᠦ᠋ᠨ ᠳᠡᠳ᠋ ᠪᠦᠲᠦᠴᠡ ᠪᠡᠨ ᠰᠠᠶᠢᠵᠢᠷᠠᠭᠤᠯᠵᠤ᠂ ᠠᠶᠤᠯ ᠦᢉᠡᠢ ᠪᠠᠶᠢᠳᠠᠯ ᠤ᠋ᠨ ᠪᠣᠳᠤᠯᠭ᠎ᠠ᠂ ᠵᠢᠷᠤᠮ᠂ ᢈᠢᠨᠠᠯᠲᠠ ᠶ᠋ᠢᠨ ᠮᠧᠬᠠᠨᠢᠰᠮ ᠤ᠋ᠳ ᠢ᠋ ᠪᠣᠯᠪᠠᠰᠤᠷᠠᠩᠭᠤᠢ ᠪᠣᠯᠭᠠᠭᠰᠠᠨ ᠪᠠᠶᠢᠨ᠎ᠠ᠃  ᠡᢉᠦᠨ ᠲᠡᠢ ᠬᠣᠯᠪᠤᠭᠠᠲᠠᠢ ᠪᠠᠷ ᠪᠠᠶᠢᠭᠤᠯᠤᠯᠭ᠎ᠠ ᠳᠣᠲᠤᠭᠠᠳᠤ ᠠᠦ᠋ᠳᠢᠲ᠂ ᠡᠷᠦᠰᠳᠡᠯ ᠦ᠋ᠨ ᠦᠨᠡᠯᠡᢉᠡᠨ ᠦ᠋ ᠰᠢᠰᠲ᠋ᠧᠮ ᠢ᠋ ᠪᠦᠷᠢᠨ ᠨᠡᠪᠲᠡᠷᠡᢉᠦᠯᠵᠦ᠂ ᠮᠡᠳᠡᢉᠡᠯᠡᠯ ᠦ᠋ᠨ ᠬᠠᠮᠠᠭᠠᠯᠠᠯᠲᠠ ᠶ᠋ᠢᠨ ᠦᠢᠯᠡ ᠠᠵᠢᠯᠯᠠᠭ᠎ᠠ ᠶ᠋ᠢ ᠲᠠᠰᠤᠷᠠᠯᠲᠠ ᠦᢉᠡᠢ ᠰᠠᠶᠢᠵᠢᠷᠠᠭᠤᠯᠵᠤ ᠠᠵᠢᠯᠯᠠᠬᠤ ᠶᠤᠮ᠃

ᠬᠠᠷᠢᠨ ISO 9001:2015 ᠰᠲ᠋ᠠᠨ᠋ᠳᠠᠷᠲ ᠨᠢ ᠦᠢᠯᠡ ᠠᠵᠢᠯᠯᠠᠭᠠᠨ ᠤ᠋ ᠲᠣᠭᠲᠠᠪᠤᠷᠢᠲᠠᠢ ᠪᠠᠶᠢᠳᠠᠯ ᠢ᠋ ᠬᠠᠩᠭᠠᠵᠤ᠂ ᠴᠢᠨᠠᠷ ᠤ᠋ᠨ ᠤᠳᠤᠷᠢᠳᠤᠯᠭ᠎ᠠ ᠶ᠋ᠢᠨ ᠰᠢᠯᠢᠳᠡᢉ ᠫᠷᠠᠻᠲ᠋ᠢᠭ ᠢ᠋ ᢈᠡᠷᠡᢉᠵᠢᢉᠦᠯᢈᠦ ᠵᠠᠮ ᠢ᠋ᠶᠠᠷ ᢈᠡᠷᠡᢉᠯᠡᢉᠴᠢᠳ ᠦ᠋ᠨ ᠢᠲᠡᢉᠡᠯ ᠢ᠋ ᠨᠡᠮᠡᢉᠳᠡᢉᠦᠯᢈᠦ ᠳ᠋ᠦ ᠴᠢᢉᠯᠡᠳᠡᢉ᠃  ᠡᠨᠡ ᢈᠦ ᠰᠲ᠋ᠠᠨᠳᠠᠷᠲ ᠤ᠋ᠨ ᢈᠦᠷᠢᠶ ᠡᠨ ᠳ᠋ᠦ “ᠢ-ᠮᠣᠩᠭᠤᠯ ᠠᠻᠠᠳ᠋ᠧᠮᠢ” ᠤᠲᠤᠭ ᠨᠢ ᠳᠣᠲᠤᠭᠠᠳᠤ ᠮᠧᠨᠧᠵᠮᠧᠨ᠋ᠲ ᠢ᠋ᠶᠡᠨ ᠰᠠᠶᠢᠵᠢᠷᠠᠭᠤᠯᠵᠤ᠂ ᠴᠢᠨᠠᠷ ᠤ᠋ᠨ ᢈᠢᠨᠠᠯᠲᠠ ᠶ᠋ᠢᠨ ᠫᠷᠤᠼᠧᠰᠰ ᠤ᠋ᠳ ᠢ᠋ ᠢᠯᠡᢉᠦᠦ ᠦᠷ᠎ᠡ ᠠᠰᠢᠭᠲᠠᠢ ᠪᠣᠯᠭᠠᠬᠤ ᠳ᠋ᠤ ᠠᠩᠬᠠᠷᠴᠤ ᠠᠵᠢᠯᠯᠠᠭᠰᠠᠨ᠃  ᠦᠢᠯᠡᠴᠢᠯᠡᢉᠡᠨ ᠦ᠋ ᠴᠢᠨᠠᠷ ᠢ᠋ ᠰᠠᠶᠢᠵᠢᠷᠠᠭᠤᠯᠤᠭᠰᠠᠨ ᠢ᠋ᠶᠠᠷ ᠲᠥᠷᠦ ᠶ᠋ᠢᠨ ᠴᠠᢈᠢᠮ ᠦᠢᠯᠡᠴᠢᠯᠡᢉᠡ ᠶ᠋ᠢ ᢈᠡᠷᠡᢉᠯᠡᢉᠴᠢᠳ ᠲᠦ ᠢᠯᠡᢉᠦᠦ ᠨᠠᠶᠢᠳᠠᠪᠤᠷᠢᠲᠠᠢ᠂ ᠰᠢᠭᠤᠷᠬᠠᠢ ᢈᠦᠷᢈᠡᢈᠦ ᠪᠣᠯᠤᠮᠵᠢ ᠪᠦᠷᠢᠳᠴᠦ ᠪᠠᠶᠢᠨ᠎ᠠ᠃

ᠡᠨᠡ ᢈᠦ ᠠᠮᠵᠢᠯᠲᠠ ᠨᠢ “ᠢ-ᠮᠣᠩᠭᠤᠯ ᠠᠻᠠᠳ᠋ᠧᠮᠢ” ᠤᠲᠤᠭ – ᠤ᠋ᠨ ᠬᠠᠮᠲᠤ ᠣᠯᠠᠨ ᠣᠯᠠᠨ ᠤᠯᠤᠰ ᠤ᠋ᠨ ᠰᠢᠯᠢᠳᠡᢉ ᠲᠤᠷᠰᠢᠯᠭ᠎ᠠ ᠨᠤᠭᠤᠳ ᠢ᠋ ᠨᠡᠪᠲᠡᠷᠡᢉᠦᠯᠵᠦ᠂ ᠴᠠᢈᠢᠮ ᠵᠠᠰᠠᠭᠯᠠᠯ ᠢ᠋ ᢈᠥᢉᠵᠢᢉᠦᠯᢈᠦ ᠳ᠋ᠦ ᠦᠨᠡᠲᠡᠢ ᠬᠤᠪᠢ ᠨᠡᠮᠡᠷᠢ ᠣᠷᠤᠭᠤᠯᠵᠤ ᠪᠠᠶᠢᠭ᠎ᠠ ᠶ᠋ᠢᠨ ᠢᠯᠡᠷᢈᠡᠶᠢᠯᠡᠯ ᠶᠤᠮ᠃  ᠴᠠᠭᠠᠰᠢᠳᠠ ᠪᠠᠶᠢᠭᠤᠯᠤᠯᠭ᠎ᠠ ᠨᠢ ᠰᠲ᠋ᠠᠨ᠋ᠳᠠᠷᠲ ᠤ᠋ᠨ ᠳᠠᠭᠠᠭᠤ ᠦᠢᠯᠡ ᠠᠵᠢᠯᠯᠠᠭ᠎ᠠ ᠪᠠᠨ ᠲᠠᠰᠤᠷᠠᠯᠲᠠ ᠦᢉᠡᠢ ᠰᠠᠶᠢᠵᠢᠷᠠᠭᠤᠯᠵᠤ᠂ ᠮᠣᠩᠭᠣᠯ ᠤᠯᠤᠰ ᠤ᠋ᠨ ᠴᠠᢈᠢᠮ ᢈᠥᢉᠵᠢᠯ ᠦ᠋ᠨ ᠰᠠᠯᠪᠤᠷᠢ ᠳ᠋ᠤ ᠲᠡᠷᠢᢉᠦᠯᠡᢈᠦ ᠪᠠᠶᠢᠷᠢ ᠰᠠᠭᠤᠷᠢ ᠪᠠᠨ ᠪᠠᠲᠤᠳᠬᠠᠬᠤ ᠪᠣᠯᠤᠨ᠎ᠠ᠃  ᢉᠡᠷᠡᠴᠢᠯᠡᢉᠡ ᠭᠠᠷᠳᠠᠨ ᠠᠪᠬᠤ ᠦᠶᠢᠯᠡ ᠠᠵᠢᠯᠯᠠᠭᠠᠨ ᠤ᠋ ᠦᠶ᠎ᠡ ᠪᠡᠷ “ᠢ-ᠮᠣᠩᠭᠤᠯ ᠠᠻᠠᠳ᠋ᠧᠮᠢ” ᠤᠲᠤᠭ – ᠤ᠋ᠨ ᠤᠳᠤᠷᠢᠳᠤᠯᠭ᠎ᠠ ᠨᠤᠭᠤᠳ ᠪᠣᠯᠤᠨ ᠬᠣᠯᠪᠤᠭᠳᠠᠬᠤ ᠮᠡᠷᢉᠡᠵᠢᠯᠲᠡᠨ ᠨᠦ᠋ᢉᠦᠳ ᠣᠷᠤᠯᠴᠠᠵᠤ᠂ ᠡᠨᠡ ᢈᠦ ᠠᠮᠵᠢᠯᠲᠠ ᠶ᠋ᠢ ᠪᠠᠶᠢᠭᠤᠯᠤᠯᠭ᠎ᠠ ᠶ᠋ᠢᠨ ᠬᠠᠮᠲᠤ ᠶ᠋ᠢᠨ ᢈᠦᠴᠦᠨ ᠴᠢᠷᠮᠠᠶᠢᠯᠲᠠ ᠶ᠋ᠢᠨ ᠦᠷ᠎ᠡ ᠳ᠋ᠦᠩ ᢈᠡᠮᠡᠨ ᠣᠨᠴᠠᠯᠠᠨ ᠲᠡᠮᠳᠡᢉᠯᠡᠯ᠎ᠡ᠃ ᠮᠥᠨ ᠴᠠᠭᠠᠰᠢᠳᠠ ISO ᠰᠲ᠋ᠠᠨ᠋ᠳᠠᠷᠲ ᠤ᠋ᠳ ᠢ᠋ ᠢᠯᠡᢉᠦᠦ ᠥᠷᢉᠡᠨ ᢈᠦᠷᠢᠶᠡᠨ ᠳ᠋ᠦ ᢈᠡᠷᠡᢉᠵᠢᢉᠦᠯᠵᠦ᠂ ᠣᠯᠠᠨ ᠤᠯᠤᠰ ᠤ᠋ᠨ ᠲᠦᠪᠰᠢᠨ ᠳ᠋ᠦ ᠨᠡᠶᠢᠴᠡᢉᠰᠡᠨ ᠴᠠᢈᠢᠮ ᠵᠠᠰᠠᠭᠯᠠᠯ ᠤ᠋ᠨ ᠲᠣᠭᠲᠠᠯᠴᠠᠭ᠎ᠠ ᠶ᠋ᠢ ᢈᠥᢉᠵᠢᢉᠦᠯᢈᠦ ᠵᠣᠷᠢᠯᠭ᠎ᠠ ᠪᠠᠨ ᠦᠷᢉᠦᠯᠵᠢᠯᠡᢉᠦᠯᠦᠨ ᢈᠡᠷᠡᢉᠵᠢᢉᠦᠯᢈᠦ ᠪᠡᠨ ᠢᠯᠡᠷᢈᠡᠶᠢᠯᠡᠯ᠎ᠡ᠃

ᠨᠡᠶᠢᠲᠡᠯᠡᠭᠰᠡᠨ᠄