ᠣᠶᠤᠲᠠᠨ ᠴᠡᠷᠢᢉ ᠦ᠋ᠨ ᠠᠩᠬᠠᠨ ᠱᠠᠲᠤᠨ ᠤ᠋ ᠪᠦᠷᠢᠳᢈᠡᠯ ᠦ᠋ᠨ ᢈᠦᠰᠡᠯᠲᠡ ᠶ᠋ᠢ 03 ᠳ᠋ᠤᠭᠠᠷ ᠰᠠᠷᠠ ᠶ᠋ᠢᠨ 01-ᠨᠢ ᠡᠳᠦᠷ ᠦ᠋ᠨ 09:00 ᠴᠠᠭ ᠠ᠋ᠴᠠ ᠡᢈᠢᠯᠡᠨ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠢ᠋ᠶᠡᠷ ᢈᠦᠯᠢᠶᠡᠨ ᠠᠪᠴᠤ ᠪᠠᠶᠢᠭᠠ ᠪᠥᢉᠡᠳ ᠥᠨᠦᠳᠦᠷ ᠦ᠋ᠨ ᠪᠠᠶᠢᠳᠠᠯ ᠢ᠋ᠶᠠᠷ ᠤᠯᠤᠰ ᠤ᠋ᠨ ᢈᠡᠮᠵᠢᠶᠡᠨ ᠳ᠋ᠦ 1846 ᠣᠶᠤᠲᠠᠨ ᢈᠦᠰᠡᠯᠲᠡ ᠪᠡᠨ ᠢᠯᠡᢉᠡᢉᠰᠡᠨ ᠪᠠᠶᠢᠨᠠ᠃ ᠣᠶᠤᠲᠠᠨ ᠴᠡᠷᠢᢉ ᠦ᠋ᠨ ᠪᠦᠷᠢᠳᢈᠡᠯ ᠢ᠋ 2025 ᠣᠨ ᠤ᠋ 03 ᠳ᠋ᠤᠭᠠᠷ ᠰᠠᠷᠠ ᠶ᠋ᠢᠨ 14- ᠦ᠋ᠨ ᠡᠳᠦᠷ ᠦ᠋ᠨ 17:00 ᠴᠠᠭ ᢈᠦᠷᠲᠡᠯᠡ ᠰᠤᠩᠭᠠᠬᠤ ᠪᠠᠷ ᠰᠢᠶᠢᠳᠪᠦᠷᠢᠯᠡᢉᠰᠡᠨ ᠪᠥᢉᠡᠳ ᠢᠷᢉᠡᠨ ᠲᠠ E-Mongolia ᠰᠢᠰᠲ᠋ᠧᠮ ᠢ᠋ᠶᠡᠷ ᠪᠦᠷᠢᠳᢈᠡᢉᠦᠯᢈᠦ ᠪᠣᠯᠤᠮᠵᠢ ᠲᠠᠢ᠃
ᠪᠦᠷᠢᠳᢈᠡᢉᠦᠯᢈᠦ ᠶ᠋ᠢᠨ ᠲᠤᠯᠠᠳᠠ E-Mongolia ᠰᠢᠰᠲ᠋ᠧᠮ ᠳ᠋ᠦ ᠨᠡᠪᠲᠡᠷᠡᢉᠰᠡᠨ ᠦ᠋ ᠳᠠᠷᠠᠭᠠ “ᠦᠶᠢᠯᠡᠴᠢᠯᠡᢉᠡ” ᠼᠧᠰᠧᠧ “ᠣᠶᠤᠲᠠᠨ ᠴᠡᠷᠢᢉ ᠦ᠋ᠨ ᠠᠩᠬᠠᠨ ᠱᠠᠲᠤᠨ ᠤ᠋ ᠪᠦᠷᠢᠳᢈᠡᠯ” ᢉᠡᠵᠦ ᠬᠠᠶᠢᠵᠤ᠂ ᠦᠢᠯᠡᠴᠢᠯᠡᢉᠡ ᠠᠪᠬᠤ ᠲᠣᠪᠴᠢ ᠶ᠋ᠢ ᠳᠠᠷᠤᠨᠠ᠃ ᠰᠢᠯᠭᠠᠭᠤᠷ ᠲᠤ ᠨᠡᠶᠢᠴᠡᢉᠰᠡᠨ ᠲᠣᢈᠢᠶᠠᠯᠳᠤᠯ ᠳ᠋ᠤ “ᠦᠷᠡ ᠳ᠋ᠦᠩ” ᠴᠣᠩᠬᠤᠨ ᠳ᠋ᠤ ᠠᠮᠵᠢᠯᠲᠠ ᠲᠠᠢ ᢈᠦᠯᠢᠶᠡᠨ ᠠᠪᠤᠭᠰᠠᠨ ᠲᠠᠯᠠᠭᠠᠷᢈᠢ ᠮᠡᠳᠡᢉᠳᠡᠯ ᠬᠠᠷᠠᠭᠳᠠᠬᠤ ᠪᠥᢉᠡᠳ ᢈᠦᠰᠡᠯᠲᠡ ᠶ᠋ᠢᠨ ᠶᠠᠪᠤᠴᠠ ᠶ᠋ᠢ “ᠮᠡᠳᠡᢉᠳᠡᠯ” ᢈᠡᠰᠡᢉ ᠡᠴᠡ ᢈᠢᠨᠠᠬᠤ ᠪᠣᠯᠤᠮᠵᠢ ᠲᠠᠢ᠃
ᢈᠥᠲᠦᠯᠪᠦᠷᠢ ᠳ᠋ᠦ ᠬᠠᠮᠤᠷᠤᠭᠳᠠᠬᠤ ᠱᠠᠭᠠᠷᠳᠠᠯᠭᠠ:
- ᠮᠣᠩᠭᠣᠯ ᠤᠯᠤᠰ ᠤ᠋ᠨ ᠮᠠᠭᠠᠳᠯᠠᠨ ᠢᠲᠡᢉᠡᠮᠵᠢᠯᠡᢉᠳᠡᢉᠰᠡᠨ ᠶᠡᢈᠡ᠂ ᠳᠡᢉᠡᠳᠦ ᠰᠤᠷᠭᠠᠭᠤᠯᠢ᠂ ᠻᠣᠯᠯᠧᠵᠢ ᠶ᠋ᠢᠨ 1᠂ 2᠂ 3-ᠷ ᠳᠠᠮᠵᠢᠶᠠᠨ ᠤ᠋ ᠣᠶᠤᠲᠠᠨ ᠪᠠᠶᠢᠬᠤ;
- ᠰᠤᠷᠤᠯᠭᠠ ᠶ᠋ᠢᠨ ᠭᠣᠣᠯᠴᠢ ᠳ᠋ᠦᠩ 2᠂8- ᠠ᠋ᠴᠠ ᠳᠡᢉᠡᢉᠰᠢ ᠪᠠᠶᠢᠬᠤ;
- 2025 ᠣᠨ ᠤ᠋ 06 ᠳ᠋ᠤᠭᠠᠷ ᠰᠠᠷᠠ ᠶ᠋ᠢᠨ 15-ᠨ ᠤ᠋ ᠡᠳᠦᠷ ᠡᠴᠡ ᠡᠮᠦᠨᠡ 18 ᠨᠠᠰᠤ ᢈᠦᠷᠦᢉᠰᠡᠨ ᠪᠠᠶᠢᠬᠤ;
- ᠡᠷᠡᢉᠦᠯ ᠮᠡᠨᠳᠦ ᠶ᠋ᠢᠨ ᠳᠠᠭᠠᠳᠬᠠᠯ ᠲᠥᠯᠦᢉᠰᠡᠨ ᠪᠠᠶᠢᠬᠤ᠃
ᠮᠣᠩᠭᠤᠯ ᠤᠯᠤᠰ ᠤ᠋ᠨ ᠵᠠᠰᠠᠭ ᠤ᠋ᠨ ᠭᠠᠵᠠᠷ ᠤ᠋ᠨ 2017 ᠣᠨ ᠤ᠋ 1 ᠳ᠋ᠦ᠋ᢉᠡᠷ ᠰᠠᠷᠠ ᠶ᠋ᠢᠨ 25-ᠨ ᠤ᠋ ᠡᠳᠦᠷ ᠦ᠋ᠨ 32 ᠳ᠋ᠤᠭᠠᠷ ᠲᠣᠭᠲᠠᠭᠠᠯ ᠢ᠋ᠶᠠᠷ ᠪᠠᠲᠤᠯᠠᠭᠳᠠᠭᠰᠠᠨ “ᠣᠶᠤᠲᠠᠨ-ᠴᠡᠷᠢᢉ” ᢈᠥᠲᠦᠯᠪᠦᠷᠢ ᠶ᠋ᠢᠨ ᠰᠢᠨᠡᠴᠢᠯᠡᢉᠰᠡᠨ ᠵᠢᠷᠤᠮ ᠤ᠋ᠨ ᠳᠠᠭᠠᠭᠤ ᠴᠡᠷᠢᢉ ᠦ᠋ᠨ ᠮᠡᠷᢉᠡᠵᠢᠯ ᠣᠯᠭᠤᠬᠤ ᠡᠨᠡ ᢈᠦ ᠰᠤᠷᠭᠠᠯᠲᠠ ᠶ᠋ᠢ ᠪᠣᠭᠤᠨᠢ ᠬᠤᠭᠤᠴᠠᠭᠠᠨ ᠳ᠋ᠤ᠂ ᠡᠷᠴᠢᠮᠵᠢᢉᠦᠯᠦᢉᠰᠡᠨ ᢈᠡᠯᠪᠡᠷᠢ ᠪᠡᠷ ᠵᠣᢈᠢᠶᠠᠨ ᠪᠠᠶᠢᠭᠤᠯᠳᠠᠭ᠃ ᠰᠤᠷᠭᠠᠯᠲᠠ ᠶ᠋ᠢᠨ ᠶᠠᠪᠤᠴᠠ ᠳ᠋ᠤ ᠣᠶᠤᠲᠠᠨ ᠨᠤᠭᠤᠳ ᠴᠡᠷᠢᢉ ᠦ᠋ᠨ ᠠᠯᠪᠠᠨ ᠤ᠋ ᠳᠠᠳᠤᠯᠭᠠ᠂ ᠰᠠᢈᠢᠯᠭᠠ ᠪᠠᠲᠤ᠂ ᠳᠦᠷᠢᠮ ᠵᠢᠷᠤᠮ ᠢ᠋ ᢈᠡᠪᠰᠢᢉᠦᠯᠦᠨ᠂ ᠬᠠᠷᠢᠯᠴᠠᠭᠠᠨ ᠤ᠋ ᠰᠣᠶᠤᠯ᠂ ᠶᠣᠰᠤ ᠵᠦᠢ ᠶ᠋ᠢ ᠡᠵᠡᠮᠰᠢᢈᠦ ᠶᠤᠮ᠃
ᠰᠤᠷᠭᠠᠯᠲᠠ ᠶ᠋ᠢᠨ ᠵᠣᢈᠢᠶᠠᠨ ᠪᠠᠶᠢᠭᠤᠯᠤᠯᠲᠠ:
- ᠴᠡᠷᠢᢉ ᠦ᠋ᠨ ᠶᠡᠷᠦᠩᢈᠡᠢ ᠪᠡᠯᠡᠳᢈᠡᠯ ᠰᠤᠷᠭᠠᠯᠲᠠ: 2025 ᠣᠨ ᠤ᠋ 04 ᠳ᠋ᠦ᠋ᢉᠡᠷ ᠰᠠᠷᠠ ᠶ᠋ᠢᠨ 01-ᠨᠡᢉᠡᠰᠦ 06 ᠳ᠋ᠤᠭᠠᠷ ᠰᠠᠷᠠ ᠶ᠋ᠢᠨ 01- ᠦ᠋ᠨ ᠬᠣᠭᠤᠷᠤᠨᠳᠤ ᢈᠢᠴᠢᠶᠡᠯ ᠰᠤᠷᠭᠠᠭᠤᠯᠢ ᠶ᠋ᠢᠨ ᠪᠤᠰᠤᠳ ᠴᠠᠭ ᠢ᠋ᠶᠠᠷ (ᠬᠠᠭᠠᠰ᠂ ᠪᠦᠲᠦᠨ ᠰᠠᠶᠢᠨ ᠡᠳᠦᠷ) ᠵᠣᢈᠢᠶᠠᠨ ᠪᠠᠶᠢᠭᠤᠯᠤᠭᠳᠠᠨᠠ᠃
- ᠴᠡᠷᠢᢉ ᠦ᠋ᠨ ᠮᠡᠷᢉᠡᠵᠢᠯ ᠦ᠋ᠨ ᠱᠠᠲᠤᠨ ᠤ᠋ ᠰᠤᠷᠭᠠᠯᠲᠠ: 2025 ᠣᠨ ᠤ᠋ 06 ᠳ᠋ᠤᠭᠠᠷ ᠰᠠᠷᠠ ᠶ᠋ᠢᠨ 15-ᠨᠠᠭᠠᠰᠤ 08 ᠳ᠋ᠤᠭᠠᠷ ᠰᠠᠷᠠ ᠶ᠋ᠢᠨ 15-ᠨᠢ ᠬᠣᠭᠤᠷᠤᠨᠳᠤ ᠦᠪᢈᠢᠰ ᠪᠣᠯᠤᠨ ᠴᠡᠷᠢᢉ ᠦ᠋ᠨ ᠠᠩᢉᠢ᠂ ᠰᠠᠯᠪᠤᠷᠢ ᠶ᠋ᠢᠨ ᢈᠡᢉᠡᠷᠡ ᠶ᠋ᠢᠨ ᠰᠤᠷᠭᠠᠯᠲᠠ ᠶ᠋ᠢᠨ ᠲᠥᠪ ᠦ᠋ᠳ ᠲᠦ ᠶᠠᠪᠤᠭᠳᠠᠨᠠ᠃
ᠣᠶᠤᠲᠠᠨ ᠵᠠᠯᠠᠭᠤᠰ ᠢ᠋ ᠡᠨᠡ ᢈᠦ ᢈᠥᠲᠦᠯᠪᠦᠷᠢ ᠳ᠋ᠦ ᠢᠳᠡᠪᢈᠢᠲᠡᠢ ᠣᠷᠤᠯᠴᠠᠵᠤ᠂ ᠴᠡᠷᠢᢉ ᠦ᠋ᠨ ᠮᠡᠷᢉᠡᠵᠢᠯ ᠡᠵᠡᠮᠰᠢᢈᠦ ᠪᠣᠯᠤᠮᠵᠢ ᠪᠠᠨ ᠠᠰᠢᠭᠯᠠᠬᠤ ᠶ᠋ᠢ ᠤᠷᠢᠶᠠᠯᠠᠵᠤ ᠪᠠᠶᠢᠨᠠ᠃