ᠴᠠᢈᠢᠮ ᢈᠥᢉᠵᠢᠯ᠂ ᠢᠨ᠋᠊ᠨᠣᠸᠠᠼ᠂ ᠬᠠᠷᠢᠯᠴᠠᠭᠠ ᠬᠣᠯᠪᠤᠭᠠᠨ ᠤ᠋ ᠶᠠᠮᠤᠨ ᠤ᠋ ᠴᠠᢈᠢᠮ ᢈᠥᢉᠵᠢᠯ ᠦ᠋ᠨ ᠪᠣᠳᠤᠯᠭᠠ ᠶ᠋ᠢᠨ ᢈᠡᠷᠡᢉᠵᠢᠯᠲᠡ ᠶ᠋ᠢ ᠵᠣᢈᠢᠴᠠᠭᠤᠯᠬᠤ ᠭᠠᠵᠠᠷ ᠤ᠋ᠨ ᠳᠠᠷᠤᠭᠠ ᠪᠠ᠃ ᠪᠠᠲᠤ-ᠥᠯᠵᠡᠢ᠂ ᠲᠤᠰ ᠭᠠᠵᠠᠷ ᠤ᠋ᠨ ᠴᠠᢈᠢᠮ ᠵᠠᠰᠠᠭᠯᠠᠯ ᠤ᠋ᠨ ᢈᠡᠯᠲᠡᠰ ᠦ᠋ᠨ ᠰᠢᠨᠵᠢᢉᠡᠴᠢ᠂ ᠮᠡᠷᢉᠡᠵᠢᠯᠲᠡᠨ ᠨᠦ᠋ᢉᠦᠳ “ᠢ-ᠮᠣᠩᠭᠤᠯ ᠠᠻᠠᠳ᠋ᠧᠮᠢ” ᠤᠲᠤᠭ-ᠲᠠᠢ ᠬᠠᠮᠲᠤᠷᠠᠭᠰᠠᠨ ᠠᠭᠤᠯᠵᠠᠯᠲᠠ ᠶ᠋ᠢ ᠥᠨᠦᠳᠦᠷ /2025᠂03᠂18/ ᠵᠣᢈᠢᠶᠠᠨ ᠪᠠᠶᠢᠭᠤᠯᠤᠯᠠ᠃ ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ᠂ ᠮᠢᠭᠮᠠᠷᠨᠠᠷᠠᠨ ᠪᠣᠯᠤᠨ ᠭᠠᠵᠠᠷ᠂ ᢈᠡᠯᠲᠡᠰ ᠦ᠋ᠨ ᠳᠠᠷᠤᠭᠠ ᠨᠠᠷ᠂ ᠰᠢᠨᠵᠢᢉᠡᠴᠢᠳ ᠣᠷᠤᠯᠴᠠᠵᠤ᠂ ᠬᠠᠷᠢᠯᠴᠠᠨ ᠰᠠᠨᠠᠯ ᠰᠣᠯᠢᠯᠴᠠᠵᠤ᠂ ᠲᠤᠷᠰᠢᠯᠭᠠ ᠰᠤᠳᠤᠯᠤᠭᠰᠠᠨ ᠶᠤᠮ᠃ ᠠᠭᠤᠯᠵᠠᠯᠲᠠ ᠶ᠋ᠢᠨ ᢈᠦᠷᠢᠶ ᠡᠨ ᠳ᠋ᠦ “ᠢ-ᠮᠣᠩᠭᠤᠯ ᠠᠻᠠᠳ᠋ᠧᠮᠢ” ᠤᠲᠤᠭ- ᠤ᠋ᠨ ᠦᠢᠯᠡ ᠠᠵᠢᠯᠯᠠᠭᠠ᠂ ᠬᠠᠷᠢᠭᠤᠴᠠᠨ ᢈᠥᢉᠵᠢᢉᠦᠯᠵᠦ ᠪᠤᠢ ᠰᠢᠰᠲ᠋ᠧᠮ ᠦ᠋ᠳ ᠦ᠋ᠨ ᢈᠥᢉᠵᠢᢉᠦᠯᠦᠯᠲᠡ᠂ ᢈᠡᠷᠡᢉᠵᠢᠯᠲᠡ ᠶ᠋ᠢᠨ ᠶᠠᠪᠤᠴᠠ ᠲᠠᠢ ᠲᠠᠨᠢᠯᠴᠠᠵᠤ᠂ ᠲᠤᠯᠭᠠᠮᠳᠠᠵᠤ ᠪᠤᠢ ᠠᠰᠠᠭᠤᠳᠠᠯ ᠤ᠋ᠳ ᠢ᠋ ᢈᠡᠯᠡᠯᠴᠡᠵᠦ ᠴᠠᠭᠠᠰᠢᠳᠠ ᠠᠰᠠᠭᠤᠳᠠᠯ ᠢ᠋ ᠰᠢᠢᠳᠪᠦᠷᠢᠯᠡᢈᠦ᠂ ᢈᠥᢉᠵᠢᢉᠦᠯᠦᠯᠲᠡ᠂ ᠰᠢᠨᠡᠴᠢᠯᠡᠯᠲᠡ ᠶ᠋ᠢ ᠦᠷᠡ ᠳ᠋ᠦᠩᠲᠡᠢ ᢈᠡᠷᠡᢉᠵᠢᢉᠦᠯᢈᠦ ᠴᠢᢉᠯᠡᠯ ᠢ᠋ᠶᠡᠷ ᠬᠠᠮᠲᠤᠷᠠᠨ ᠠᠵᠢᠯᠯᠠᠵᠤ᠂ ᠱᠠᠭᠠᠷᠳᠠᠯᠭᠠᠲᠠᠢ ᠠᠷᠭᠠ ᢈᠡᠮᠵᠢᠶᠡ ᠶ᠋ᠢ ᠠᠪᠴᠤ ᢈᠡᠷᠡᢉᠵᠢᢉᠦᠯᢈᠦ ᠪᠡᠨ ᠢᠯᠡᠷᢈᠡᠶᠢᠯᠡᠪᠡ᠃
ᠴᠡᢈᠢᢈᠡᠶᠠ-ᠨᠢ ᠴᠠᢈᠢᠮ ᢈᠥᢉᠵᠢᠯ ᠦ᠋ᠨ ᠪᠣᠳᠤᠯᠭᠠ ᠶ᠋ᠢᠨ ᢈᠡᠷᠡᢉᠵᠢᠯᠲᠡ ᠶ᠋ᠢ ᠵᠣᢈᠢᠴᠠᠭᠤᠯᠬᠤ ᠭᠠᠵᠠᠷ᠂ “ᠢ-ᠮᠣᠩᠭᠤᠯ ᠠᠻᠠᠳ᠋ᠧᠮᠢ” ᠤᠲᠤᠭ ᠬᠠᠮᠲᠤᠷᠠᠭᠰᠠᠨ ᠠᠭᠤᠯᠵᠠᠯᠲᠠ ᠵᠣᢈᠢᠶᠠᠨ ᠪᠠᠶᠢᠭᠤᠯᠤᠯᠠ

ᠨᠡᠶᠢᠲᠡᠯᠡᠭᠰᠡᠨ᠄