ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ᠂ ᢈᠢᠯᠪᠠᠷ ᠪᠠᠶᠢᠳᠠᠯ ᠢ᠋ ᠨᠡᠮᠡᢉᠳᠡᢉᠦᠯᢈᠦ ᠵᠣᠷᠢᠯᠭ᠎ᠠ ᠪᠠᠷ ᠨᠡᠶᠢᠰᠯᠡᠯ ᠦ᠋ᠨ ᠵᠠᠰᠠᠭ ᠳᠠᠷᠤᠭ᠎ᠠ ᠶ᠋ᠢᠨ ᠲᠠᠮᠠᠭ᠎ᠠ ᠶ᠋ᠢᠨ ᠭᠠᠵᠠᠷ ᠲᠠᠢ ᠠᠭᠤᠯᠵᠠᠯᠲᠠ ᠵᠣᢈᠢᠶᠠᠨ ᠪᠠᠶᠢᠭᠤᠯᠤᠯ᠎ᠠ᠃


“ᠢ-ᠮᠣᠩᠭᠤᠯ ᠠᠻᠠᠳ᠋ᠧᠮᠢ” ᠤᠲᠤᠭ 2025 ᠣᠨ ᠳ᠋ᠤ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭ᠎ᠠ ᠨᠤᠭᠤᠳ ᠤ᠋ᠨ ᠬᠠᠮᠲᠤ ᠶ᠋ᠢᠨ ᠠᠵᠢᠯᠯᠠᠭ᠎ᠠ ᠶ᠋ᠢ ᠪᠡᢈᠢᠵᠢᢉᠦᠯᢈᠦ᠂ ᠴᠠᠭᠠᠰᠢᠳᠠ ᠪᠦᠲᠦᢉᠡᢉᠳᠡᢈᠦᠨ ᠦᠢᠯᠡᠴᠢᠯᠡᢉᠡᠨ ᠦ᠋ ᠴᠢᠨᠠᠷ ᠲᠤ ᠠᠩᠬᠠᠷᠬᠤ᠂ ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ᠂ ᢈᠢᠯᠪᠠᠷ ᠪᠠᠶᠢᠳᠠᠯ ᠢ᠋ ᠨᠡᠮᠡᢉᠳᠡᢉᠦᠯᢈᠦ ᠴᠢᢉᠯᠡᠯ ᠢ᠋ᠶᠡᠷ ᠱᠠᠲᠤ ᠳᠠᠷᠠᠭ᠎ᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ ᠪᠠᠶᠢᠨ᠎ᠠ᠃  ᠳᠡᢉᠡᠷᠡᢈᠢ ᠴᠢᢉᠯᠡᠯ ᠦ᠋ᠨ ᢈᠦᠷᠢᠶ ᠡᠨ ᠳ᠋ᠦ /2025᠂03᠂26/ ᠨᠡᠶᠢᠰᠯᠡᠯ ᠦ᠋ᠨ ᠵᠠᠰᠠᠭ ᠳᠠᠷᠤᠭ᠎ᠠ ᠶ᠋ᠢᠨ ᠲᠠᠮᠠᠭ᠎ᠠ ᠶ᠋ᠢᠨ ᠭᠠᠵᠠᠷ ᠤ᠋ᠨ ᠤᠳᠤᠷᠢᠳᠤᠯᠭ᠎ᠠ᠂ ᠠᠯᠪᠠ ᠬᠠᠭᠠᠭᠴᠢᠳ ᠲᠠᠢ ᠠᠭᠤᠯᠵᠠᠵᠤ ᠰᠠᠨᠠᠯ ᠰᠣᠯᠢᠯᠴᠠᠯ᠎ᠠ᠃  ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ‍᠂ ᠮᠢᠭᠮᠠᠷᠨᠠᠷᠠᠨ᠂ ᠰᠤᠷᠭᠠᠯᠲᠠ᠂ ᠣᠯᠠᠨ ᠨᠡᠶᠢᠲᠡ ᠲᠡᠢ ᠬᠠᠷᠢᠯᠴᠠᠬᠤ ᠭᠠᠵᠠᠷ ᠤ᠋ᠨ ᠳᠠᠷᠤᠭ᠎ᠠ ᠨ᠃  ᠲᠥᠷᠦᠪᠠᠲᠤ᠂ ᠭᠠᠳᠠᠭᠠᠳᠤ ᠬᠠᠷᠢᠯᠴᠠᠭ᠎ᠠ᠂ ᠬᠠᠮᠲᠤ ᠶ᠋ᠢᠨ ᠠᠵᠢᠯᠯᠠᠭᠠᠨ ᠤ᠋ ᠭᠠᠵᠠᠷ ᠤ᠋ᠨ ᠳᠠᠷᠤᠭ᠎ᠠ ᠭ᠃  ᠥᠨᠢᠷᠴᠡᠴᠡᢉ᠂ ᠨᠡᠶᠢᠰᠯᠡᠯ ᠦ᠋ᠨ ᠵᠠᠰᠠᠭ ᠳᠠᠷᠤᠭ᠎ᠠ ᠶ᠋ᠢᠨ ᠲᠠᠮᠠᠭ᠎ᠠ ᠶ᠋ᠢᠨ ᠭᠠᠵᠠᠷ ᠤ᠋ᠨ ᠲᠧᠻᠨᠣᠯᠣᢉᠢ ᠰᠢᠰᠲ᠋ᠧᠮ ᢈᠥᢉᠵᠢᢉᠦᠯᠦᠯᠲᠡ ᠶ᠋ᠢᠨ ᢈᠡᠯᠲᠡᠰ ᠦ᠋ᠨ ᠳᠠᠷᠤᠭ᠎ᠠ ᠡ‍᠂ᠨᠠᠰᠤᠨᠪᠠᠲᠤ᠂ ᠠᠬᠠᠯᠠᠬᠤ ᠮᠡᠷᢉᠡᠵᠢᠯᠲᠡᠨ ᠰᠠ‍᠂ᠠᠯᠲᠠᠨᠵᠤᠯᠠ ᠪᠣᠯᠤᠨ ᠬᠣᠯᠪᠤᠭᠳᠠᠬᠤ ᠠᠯᠪᠠᠨ ᠬᠠᠭᠠᠭᠴᠢᠳ ᠣᠷᠤᠯᠴᠠᠪᠠ᠃  ᠢ-ᠮᠣᠩᠭᠣᠯᠢᠶ᠎ᠠ ᠰᠢᠰᠲ᠋ᠧᠮ ᠳ᠋ᠦ ᠥᠨᠦᠳᠦᠷ ᠦ᠋ᠨ ᠪᠠᠶᠢᠳᠠᠯ ᠢ᠋ᠶᠠᠷ ᠨᠡᠶᠢᠲᠡ 88 ᠪᠠᠶᠢᠭᠤᠯᠤᠯᠭ᠎ᠠ ᠶ᠋ᠢᠨ 1264 ᠦᠢᠯᠡᠴᠢᠯᠡᢉᠡ ᠨᠡᠪᠲᠡᠷᠡᢉᠰᠡᠨ ᠪᠠᠶᠢᠭ᠎ᠠ ᠪᠥᢉᠡᠳ ᠡᢉᠦᠨ ᠦ᠋ 14% ᠪᠤᠶᠤ 173 ᠦᠢᠯᠡᠴᠢᠯᠡᢉᠡ ᠶ᠋ᠢ ᠨᠡᠶᠢᠰᠯᠡᠯ ᠦ᠋ᠨ ᠪᠠᠶᠢᠭᠤᠯᠤᠯᠭ᠎ᠠ ᠨᠤᠭᠤᠳ ᠠ᠋ᠴᠠ ᠣᠯᠭᠠᠳᠠᠭ ᠦᠢᠯᠡᠴᠢᠯᠡᢉᠡ ᠡᠵᠡᠯᠡᠵᠦ ᠪᠠᠶᠢᠨ᠎ᠠ᠃  ᠲᠤᠰ 173 ᠦᠢᠯᠡᠴᠢᠯᠡᢉᠡ ᠪᠦᢉᠦᠳᠡ 2 ᠱᠠᠲᠤᠯᠠᠯᠲᠠ ᠪᠥᢉᠡᠳ ᠲᠥᠯᠦᠪᠦᠷᠢ ᠲᠡᠢ ᠦᠢᠯᠡᠴᠢᠯᠡᢉᠡ 77᠂ ᠲᠥᠯᠦᠪᠦᠷᠢ ᠦᢉᠡᠢ 96 ᠦᠢᠯᠡᠴᠢᠯᠡᢉᠡ ᠪᠠᠶᠢᠨ᠎ᠠ᠃  ᠲᠡᠶᠢᠮᠦ ᠡᠴᠡ ᠥᠨᠦᠳᠦᠷ ᠦ᠋ᠨ ᠠᠭᠤᠯᠵᠠᠯᠲᠠ ᠪᠠᠷ ᠨᠡᠶᠢᠰᠯᠡᠯ ᠡᠴᠡ ᠦᠵᠡᢉᠦᠯᠵᠦ ᠪᠤᠢ ᠲᠥᠷᠦ ᠶ᠋ᠢᠨ ᠦᠢᠯᠡᠴᠢᠯᠡᢉᠡ ᠶ᠋ᠢ ᠰᠠᠶᠢᠵᠢᠷᠠᠭᠤᠯᠬᠤ᠂ ᠢᠷᢉᠡᠳ ᠢᠯᠡᢉᠦᠦ ᢈᠦᠷᠲᠡᢉᠡᠮᠵᠢᠲᠡᠢ᠂ ᠲᠦᠷᢉᠡᠨ ᠰᠢᠭᠤᠷᠬᠠᠢ ᠪᠣᠯᠭᠠᠬᠤ ᠲᠠᠯ᠎ᠠ ᠳᠡᢉᠡᠷ᠎ᠡ ᠣᠨᠴᠠᠯᠠᠨ ᠠᠩᠬᠠᠷᠬᠤ ᠱᠠᠭᠠᠷᠳᠠᠯᠭᠠᠲᠠᠢ ᠪᠥᢉᠡᠳ ᠨᠡᠪᠲᠡᠷᠡᢉᠰᠡᠨ ᠪᠠᠶᠢᠭ᠎ᠠ ᠦᠢᠯᠡᠴᠢᠯᠡᢉᠡ ᠨᠦ᠋ᢉᠦᠳ ᠳᠡᢉᠡᠷ᠎ᠡ ᠳᠠᢈᠢᠨ ᠵᠠᠭᠪᠤᠷᠴᠢᠯᠠᠯ ᢈᠢᠵᠦ ᠱᠠᠲᠤ ᠳᠠᠷᠠᠭᠠᠯᠠᠯ ᠢ᠋ ᠪᠠᠭᠤᠷᠠᠭᠤᠯᠬᠤ᠂ ᠲᠥᠷᠦ ᠶ᠋ᠢᠨ ᠦᠢᠯᠡᠴᠢᠯᠡᢉᠡᠨ ᠦ᠋ ᢈᠦᠰᠡᠯᠲᠡ ᠶ᠋ᠢ ᢈᠦᠯᠢᠶᠡᠨ ᠠᠪᠴᠤ᠂ ᠰᠢᠢᠳᠪᠦᠷᠢ ᠭᠠᠷᠭᠠᠵᠤ ᠪᠠᠶᠢᠭ᠎ᠠ ᠠᠯᠪᠠᠨ ᠬᠠᠭᠠᠭᠴᠢᠳ ᠢ᠋ ᠴᠢᠳᠠᠪᢈᠢᠵᠢᠭᠤᠯᠬᠤ᠂ᠬᠣᠶᠠᠷ ᠱᠠᠲᠤᠯᠠᠯᠲᠤ ᠦᠢᠯᠡᠴᠢᠯᠡᢉᠡ ᠶ᠋ᠢ ᠢᠷᢉᠡᠳ ᠢᠯᠡᢉᠦᠦ ᢈᠢᠯᠪᠠᠷ ᠢ᠋ᠶᠠᠷ ᠠᠪᠬᠤ ᠪᠣᠯᠤᠮᠵᠢ ᠶ᠋ᠢ ᠰᠤᠳᠤᠯᠬᠤ᠂ ᠪᠦᠷᠢᠳᠦᢉᠦᠯᢈᠦ ᠲᠠᠯ᠎ᠠ ᠳᠡᢉᠡᠷ᠎ᠡ ᠠᠩᠬᠠᠷᠴᠤ ᠬᠠᠮᠲᠤᠷᠠᠨ ᠠᠵᠢᠯᠯᠠᠬᠤ ᠶᠤᠮ᠃  ᠲᠥᠷᠦ ᠶ᠋ᠢᠨ ᠦᠶᠢᠯᠡᠴᠢᠯᠡᢉᠡ ᠶ᠋ᠢ ᠲᠠᠨ ᠤ᠋ ᠭᠠᠷ ᠲᠤ ᠢ-ᠮᠣᠩᠭᠣᠯᠢᠶ᠎ᠠ

ᠨᠡᠶᠢᠲᠡᠯᠡᠭᠰᠡᠨ᠄