“ᠢ-ᠮᠣᠩᠭᠤᠯ ᠠᠻᠠᠳ᠋ᠧᠮᠢ” ᠤᠲᠤᠭ 2025 ᠣᠨ ᠳ᠋ᠤ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭᠠ ᠨᠤᠭᠤᠳ ᠤ᠋ᠨ ᠬᠠᠮᠲᠤ ᠶ᠋ᠢᠨ ᠠᠵᠢᠯᠯᠠᠭᠠ ᠶ᠋ᠢ ᠪᠡᢈᠢᠵᠢᢉᠦᠯᢈᠦ᠂ ᠢᠷᢉᠡᠳ ᠲᠦ ᠲᠥᠷᠦ ᠶ᠋ᠢᠨ ᠦᠢᠯᠡᠴᠢᠯᠡᢉᠡᠨ ᠦ᠋ ᢈᠦᠷᠲᠡᢉᠡᠮᠵᠢ ᠶ᠋ᠢ ᠨᠡᠮᠡᢉᠳᠡᢉᠦᠯᢈᠦ᠂ ᢈᠢᠯᠪᠠᠷ ᠪᠠᠶᠢᠳᠠᠯ ᠢ᠋ ᠪᠤᠢ ᠪᠣᠯᠭᠠᠬᠤ᠂ ᠴᠠᢈᠢᠮ ᠤᠷᠠ ᠴᠢᠳᠠᠪᠤᠷᠢ ᠶ᠋ᠢ ᠡᠵᠡᠮᠰᠢᢉᠦᠯᢈᠦ᠂ ᠢᠷᢉᠡᠳ ᠦ᠋ᠨ ᠬᠤᠪᠢ ᠳ᠋ᠤ ᠬᠠᠮᠤᠭ ᠤ᠋ᠨ ᠡᠷᠢᠯᠲᠡ ᠲᠡᠢ ᠪᠦᠲᠦᢉᠡᢉᠳᠡᢈᠦᠨ᠂ ᠦᠢᠯᠡᠴᠢᠯᠡᢉᠡᠨ ᠦ᠋ ᠲᠣᠭᠠ ᠶ᠋ᠢ ᠨᠡᠮᠡᢉᠳᠡᢉᠦᠯᢈᠦ ᠴᠢᢉᠯᠡᠯ ᠢ᠋ᠶᠡᠷ ᠱᠠᠲᠤ ᠳᠠᠷᠠᠭᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ ᠪᠠᠶᠢᠭᠠ ᠪᠢᠯᠡ᠃ ᠥᠨᠦᠳᠦᠷ /2025᠂03᠂27/ “ᠢ-ᠮᠣᠩᠭᠤᠯ ᠠᠻᠠᠳ᠋ᠧᠮᠢ” ᠤᠲᠤᠭ᠂ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠤ᠋ᠨ ᠤᠳᠤᠷᠢᠳᠤᠯᠭᠠ᠂ ᠠᠯᠪᠠᠨ ᠬᠠᠭᠠᠭᠴᠢ ᠳ᠋ᠤ ᠴᠠᠭᠠᠰᠢᠳᠠ ᠬᠠᠮᠲᠤᠷᠠᠨ ᠠᠵᠢᠯᠯᠠᠬᠤ ᠲᠠᠯᠠᠭᠠᠷ ᠰᠠᠨᠠᠯ ᠰᠣᠯᠢᠯᠴᠠᠪᠠ᠃ ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ᠂ ᠮᠢᠭᠮᠠᠷᠨᠠᠷᠠᠨ᠂ ᠭᠠᠳᠠᠭᠠᠳᠤ ᠬᠠᠷᠢᠯᠴᠠᠭᠠ᠂ ᠬᠠᠮᠲᠤ ᠶ᠋ᠢᠨ ᠠᠵᠢᠯᠯᠠᠭᠠᠨ ᠤ᠋ ᠭᠠᠵᠠᠷ ᠤ᠋ᠨ (ᠬᠤᠬᠠᠭ) ᠳᠠᠷᠤᠭᠠ ᠭ᠃ ᠥᠨᠢᠷᠴᠡᠴᠡᢉ᠂ ᠰᠤᠷᠭᠠᠯᠲᠠ ᠶ᠋ᠢᠨ ᢈᠡᠯᠲᠡᠰ ᠦ᠋ᠨ (ᠰᠬᠠ) ᠳᠠᠷᠤᠭᠠ ᠸ᠃ ᠯᠤᠲᠤ-ᠸᠴᠢᠷ᠂ ᠮᠣᠩᠭᠣᠯ ᠤᠯᠤᠰ ᠤ᠋ᠨ ᠬᠠᠤᠯᠢ ᠵᠦᠢ᠂ ᠳᠣᠲᠤᠭᠠᠳᠤ ᢈᠡᠷᠡᢉ ᠦ᠋ᠨ ᠶᠠᠮᠤᠨ ᠤ᠋ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠤ᠋ᠨ ᠳᠡᠳ᠋ ᠳᠠᠷᠤᠭᠠ᠂ᠴᠠᠭᠳᠠᠭᠠ ᠶ᠋ᠢᠨ ᠬᠤᠷᠠᠩᠳᠠ ᠡ᠂ ᠬᠠᠯᠢᠭᠤᠨᠪᠠᠶᠠᠷ᠂ ᠠᠶᠤᠯ ᠦᢉᠡᠢ ᠪᠠᠶᠢᠳᠠᠯ᠂ ᠳᠣᠲᠤᠭᠠᠳᠤ ᢈᠢᠨᠠᠯᠲᠠ᠂ ᠠᠦ᠋ᠳᠢᠲ ᠤ᠋ᠨ ᠭᠠᠵᠠᠷ ᠤ᠋ᠨ ᠳᠠᠷᠤᠭᠠ᠂ ᠴᠠᠭᠳᠠᠭᠠ ᠶ᠋ᠢᠨ ᠬᠤᠷᠠᠩᠳᠠ ᠤ᠂ ᠪᠣᠯᠤᠳᠪᠠᠭᠠᠲᠤᠷ᠂ ᠻᠢᠪᠧᠷ ᠠᠶᠤᠯ ᠦᢉᠡᠢ ᠪᠠᠶᠢᠳᠠᠯ ᠤ᠋ᠨ ᢈᠡᠯᠲᠡᠰ ᠦ᠋ᠨ ᠳᠠᠷᠤᠭᠠ᠂ ᠴᠠᠭᠳᠠᠭᠠ ᠶ᠋ᠢᠨ ᠳᠡᠳ᠋ ᠬᠤᠷᠠᠩᠳᠠ ᠠ᠂ ᠠᠵᠠᠵᠢᠷᠭᠠᠯ᠂ ᠲᠥᠯᠦᠪᠯᠡᠯᠲᠡ ᠵᠣᢈᠢᠶᠠᠨ ᠪᠠᠶᠢᠭᠤᠯᠤᠯᠲᠠ ᠶ᠋ᠢᠨ ᢈᠡᠯᠲᠡᠰ ᠦ᠋ᠨ ᠳᠠᠷᠤᠭᠠ᠂ ᠴᠠᠭᠳᠠᠭᠠ ᠶ᠋ᠢᠨ ᠬᠣᠰᠢᠭᠤᠴᠢ ᠪᠠ᠂ᠪᠠᠶᠠᠷ ᠠᠠ ᠪᠣᠯᠤᠨ ᠬᠣᠯᠪᠤᠭᠳᠠᠬᠤ ᠮᠡᠷᢉᠡᠵᠢᠯᠲᠡᠨ᠂ ᠠᠯᠪᠠᠨ ᠬᠠᠭᠠᠭᠴᠢᠳ ᠣᠷᠤᠯᠴᠠᠯᠠ᠃ ᠡᠨᠡ ᢈᠦ ᠠᠭᠤᠯᠵᠠᠯᠲᠠ ᠪᠠᠷ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠶᠡ-ᠮᠣᠩᠭᠣᠯᠢᠶᠠ ᠰᠢᠰᠲ᠋ᠧᠮ ᠳ᠋ᠦ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠠ᠋ᠴᠠ ᠣᠯᠭᠤᠳᠠᠭ ᠦᠢᠯᠡᠴᠢᠯᠡᢉᠡ ᠶ᠋ᠢ ᠨᠡᠪᠲᠡᠷᠡᢉᠦᠯᢈᠦ᠂ ᠠᠯᠪᠠ ᠬᠠᠭᠠᠭᠴᠢᠳ ᠤ᠋ᠨ ᠴᠠᢈᠢᠮ ᠤᠷᠠ ᠴᠢᠳᠠᠪᠤᠷᠢ ᠶ᠋ᠢ ᠳᠡᢉᠡᢉᠰᠢᠯᠡᢉᠦᠯᢈᠦ᠂ ᠮᠡᠳᠡᢉᠡᠯᠡᠯ ᠦ᠋ᠨ ᠲᠧᠻᠨᠣᠯᠣᢉᠢ ᠶ᠋ᠢᠨ ᢈᠦᠮᠦᠨ ᠦ᠋ ᠨᠥᢉᠡᠴᠡ ᠶ᠋ᠢ ᠴᠢᠳᠠᠪᢈᠢᠵᠢᠭᠤᠯᠬᠤ ᠵᠣᠷᠢᠯᠭᠠ ᠪᠠᠷ ᠰᠤᠷᠭᠠᠯᠲᠠ᠂ ᠣᠯᠠᠨ ᠤᠯᠤᠰ ᠤ᠋ᠨ ᢈᠥᠲᠦᠯᠪᠦᠷᠢ ᠳ᠋ᠦ ᠬᠠᠮᠤᠷᠤᠭᠤᠯᠬᠤ᠂ ᠴᠠᠭᠠᠰᠢᠳᠠ ᠬᠣᠶᠠᠷ ᠲᠠᠯᠠ ᠴᠠᢈᠢᠮ ᠰᠢᠯᠵᠢᠯᠲᠡ ᠲᠡᠢ ᠬᠣᠯᠪᠤᠭᠠᠲᠠᠢ ᠰᠢᠨᠡ ᠪᠣᠯᠤᠮᠵᠢ ᠨᠤᠭᠤᠳ ᠢ᠋ ᠨᠡᢉᠡᢉᠡᠵᠦ᠂ ᠰᠤᠳᠤᠯᠭᠠ ᠰᠢᠨᠵᠢᠯᠡᢉᠡ᠂ ᢈᠥᢉᠵᠢᢉᠦᠯᠦᠯᠲᠡ ᠶ᠋ᠢᠨ ᠲᠠᠯᠠᠭᠠᠷ ᠬᠠᠮᠲᠤ ᠶ᠋ᠢᠨ ᠠᠵᠢᠯᠯᠠᠭᠠ ᠪᠠᠨ ᠥᠷᢉᠡᠵᠢᢉᠦᠯᠦᠨ ᠠᠵᠢᠯᠯᠠᠬᠤ ᠪᠠᠷ ᠪᠣᠯᠤᠯᠠ᠃
“ᠢ-ᠮᠣᠩᠭᠤᠯ ᠠᠻᠠᠳ᠋ᠧᠮᠢ” ᠤᠲᠤᠭ᠂ ᠰᠢᢉᠦᢈᠦ ᠰᠢᠨᠵᠢᠯᠡᢉᠡᠨ ᠦ᠋ ᠶᠡᠷᠦᠩᢈᠡᠢ ᠭᠠᠵᠠᠷ ᠲᠠᠢ ᠬᠠᠮᠲᠤᠷᠠᠨ ᠠᠵᠢᠯᠯᠠᠨᠠ

ᠨᠡᠶᠢᠲᠡᠯᠡᠭᠰᠡᠨ᠄