ᠥᠨᠦᠳᠦᠷ /᠒᠐᠒᠕᠂᠐᠔᠂᠒᠔// ᠳᠡᠯᠡᢈᠡᠢ ᠶ᠋ᠢᠨ ᠪᠠᠩᠻᠢ ᠶ᠋ᠢᠨ ᠲᠥᠯᠦᢉᠡᠯᠡᢉᠴᠢᠳ “ᠢ-ᠮᠣᠩᠭᠤᠯ ᠠᠻᠠᠳ᠋ᠧᠮᠢ” ᠤᠲᠤᠭ- ᠤ᠋ᠨ ᠦᠢᠯᠡ ᠠᠵᠢᠯᠯᠠᠭᠠ ᠲᠠᠢ ᠲᠠᠨᠢᠯᠴᠠᠵᠤ᠂ ᠤᠳᠤᠷᠢᠳᠤᠯᠭᠠ ᠨᠤᠭᠤᠳ ᠲᠠᠢ ᠬᠠᠮᠲᠤᠷᠠᠭᠰᠠᠨ ᠠᠭᠤᠯᠵᠠᠯᠲᠠ ᠵᠣᢈᠢᠶᠠᠨ ᠪᠠᠶᠢᠭᠤᠯᠤᠯᠠ᠃
ᠲᠤᠰᠠ ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ᠂ ᠮᠢᠭᠮᠠᠷᠨᠠᠷᠠᠨ᠂ ᠰᠢᠰᠲ᠋ᠧᠮ ᠨᠢᢉᠡᠳᢈᠡᠯ ᠦ᠋ᠨ ᠭᠠᠵᠠᠷ ᠤ᠋ᠨ ᠳᠠᠷᠤᠭᠠ ᠰᠠ᠃ ᠲᠤᠯᠭᠠ᠂ ᠭᠬᠤᠬᠠᠭ-ᠶᠤᠨ ᠳᠠᠷᠤᠭᠠ ᠭ᠂ ᠥᠨᠢᠷᠴᠡᠴᠡᢉ ᠪᠣᠯᠤᠨ ᠬᠣᠯᠪᠤᠭᠳᠠᠬᠤ ᠤᠳᠤᠷᠢᠳᠬᠤ ᠠᠯᠪᠠᠨ ᠲᠤᠰᠢᠶᠠᠯᠲᠠᠨ ᠨᠤᠭᠤᠳ᠂ ᠳᠡᠯᠡᢈᠡᠢ ᠶ᠋ᠢᠨ ᠪᠠᠩᠻᠢ ᠶ᠋ᠢᠨ “Decentralized Digital Identity Assessment” ᠲᠥᠰᠦᠯ ᠦ᠋ᠨ ᠪᠠᠭ ᠤ᠋ᠨ ᢉᠡᠰᠢᢉᠦᠨ᠂ ServiceGen ᠻᠣᠮᠫᠠᠨᠢ ᠶ᠋ᠢᠨ ᠠᠬᠠᠯᠠᠬᠤ Digital ID ᠵᠥᠪᠯᠡᢈᠦ Stephen Wilson ᠨᠠᠷᠠᠨ ᠬᠠᠷᠢᠯᠴᠠᠨ ᠰᠠᠨᠠᠯ ᠰᠣᠯᠢᠯᠴᠠᠵᠤ᠂ ᠲᠤᠷᠰᠢᠯᠭᠠ ᠰᠤᠳᠤᠯᠪᠠ᠃
ᠬᠠᠮᠲᠤᠷᠠᠭᠰᠠᠨ ᠠᠭᠤᠯᠵᠠᠯᠲᠠ ᠶ᠋ᠢᠨ ᢈᠦᠷᠢᠶᠡᠨ ᠳ᠋ᠦ ᠮᠣᠩᠭᠣᠯ ᠤᠯᠤᠰ ᠤ᠋ᠨ ᠴᠠᢈᠢᠮ ᠲᠠᠨᠢᠯᠲᠠ ᠨᠡᠪᠲᠡᠷᠡᠯᠲᠡ ᠶ᠋ᠢᠨ ᠥᠨᠦ ᠶ᠋ᠢᠨ ᠪᠠᠶᠢᠳᠠᠯ᠂ ᠲᠥᠷᠦ ᠶ᠋ᠢᠨ ᠴᠠᢈᠢᠮ ᠦᠶᠢᠯᠡᠴᠢᠯᠡᢉᠡᠨ ᠦ᠋ ᠨᠢᢉᠡᠳᠦᢉᠰᠡᠨ ᠶᠡ-ᠮᠣᠩᠭᠣᠯᠢᠶᠠ ᠪᠣᠯᠤᠨ ᠪᠤᠰᠤᠳ ᢈᠥᢉᠵᠢᢉᠦᠯᠵᠦ ᠪᠤᠢ ᠰᠢᠰᠲ᠋ᠧᠮ ᠦ᠋ᠨ ᠥᢉᠡᠷᠡᠴᠢᠯᠡᠯᠲᠡ᠂ ᠠᢈᠢᠴᠠ ᠳᠡᠪᠰᠢᠯ᠂ ᠴᠠᠭᠠᠰᠢᠳᠠ ᠶ᠋ᠢᠨ ᢈᠥᢉᠵᠢᠯ ᠦ᠋ᠨ ᠴᠢᢉ ᠬᠠᠨᠳᠤᠯᠭᠠ ᠪᠣᠯᠤᠨ ᠣᠯᠠᠨ ᠤᠯᠤᠰ ᠤ᠋ᠨ ᠰᠢᠯᠢᠳᠡᢉ ᠲᠤᠷᠰᠢᠯᠭᠠ ᠨᠤᠭᠤᠳ ᠤ᠋ᠨ ᠲᠠᠯᠠᠭᠠᠷ ᠰᠠᠨᠠᠯ ᠰᠣᠯᠢᠯᠴᠠᠬᠤ ᠠ᠋ᠴᠠ ᠭᠠᠳᠠᠨᠠ ᠲᠥᠪᠯᠡᠷᠡᢉᠰᠡᠨ ᠪᠤᠰᠤ ᠴᠠᢈᠢᠮ ᠲᠠᠨᠢᠯᠲᠠ ᠨᠡᠪᠲᠡᠷᠡᠯᠲᠡ ᠶ᠋ᠢᠨ ᠰᠢᠢᠳᠦᠯ ᠦ᠋ᠳ ᠢ᠋ ᠨᠡᠪᠲᠡᠷᠡᢉᠦᠯᢈᠦ ᠪᠣᠯᠤᠮᠵᠢ (Decentralized Digital Identity)᠂ᠤ᠂ ᠹ᠂᠂ ᠰᠣᠷᠢᠯᠲᠠ᠂ ᠳᠠᠪᠠᠭᠤ ᠲᠠᠯᠠ ᠨᠤᠭᠤᠳ ᠤ᠋ᠨ ᠲᠠᠯᠠᠭᠠᠷ ᢈᠡᠯᠡᠯᠴᠡᢉᠰᠡᠨ ᠶᠤᠮ᠃
“ᠢ-ᠮᠣᠩᠭᠤᠯ ᠠᠻᠠᠳ᠋ᠧᠮᠢ” ᠤᠲᠤᠭ- ᠤ᠋ᠨ ᠵᠦᢉ ᠡᠴᠡ ᢈᠡᠷᠡᢉᠵᠢᢉᠦᠯᠵᠦ ᠪᠤᠢ ᠴᠠᢈᠢᠮ ᠰᠢᠯᠵᠢᠯᠲᠡ ᠪᠣᠯᠤᠨ ᠢᠷᠡᢉᠡᠳᠦᠢ ᠶ᠋ᠢᠨ ᠰᠲ᠋ᠷᠠᠲ᠋ᠧᢉᠢ ᠶ᠋ᠢᠨ ᠲᠠᠯᠠᠭᠠᠷ ᠲᠠᠨᠢᠯᠴᠠᠭᠤᠯᠤᠭᠰᠠᠨ ᠪᠥᢉᠡᠳ ᠴᠠᠭᠠᠰᠢᠳᠠ ᠣᠯᠠᠨ ᠤᠯᠤᠰ ᠤ᠋ᠨ ᠪᠠᠶᠢᠭᠤᠯᠤᠯᠭᠠ ᠨᠤᠭᠤᠳ ᠲᠠᠢ ᠦᠷᠡ ᠳ᠋ᠦᠩᠲᠡᠢ ᠬᠠᠮᠲᠤᠷᠠᠨ ᠠᠵᠢᠯᠯᠠᠬᠤ ᠰᠠᠨᠠᠯ ᠲᠠᠢ ᠪᠠᠶᠢᠭᠠ ᠪᠠᠨ ᠢᠯᠡᠷᢈᠡᠶᠢᠯᠡᠪᠡ᠃
ᠳᠡᢉᠡᠷᠡᢈᠢ ᠠᠭᠤᠯᠵᠠᠯᠲᠠ ᠨᠢ ᠮᠣᠩᠭᠣᠯ ᠤᠯᠤᠰ ᠲᠤ ᠢᠷᠡᢉᠡᠳᠦᠢ ᠶ᠋ᠢᠨ ᠴᠠᢈᠢᠮ ᠲᠠᠨᠢᠯᠲᠠ ᠨᠡᠪᠲᠡᠷᠡᠯᠲᠡ ᠶ᠋ᠢᠨ ᠡᠻᠣᠰᠢᠰᠲ᠋ᠧᠮ ᠢ᠋ ᠲᠥᠯᠦᠪᠰᠢᢉᠦᠯᢈᠦ᠂ ᠣᠯᠠᠨ ᠤᠯᠤᠰ ᠤ᠋ᠨ ᠵᠥᠪᠯᠡᠮᠵᠢ᠂ ᠲᠤᠷᠰᠢᠯᠭᠠ ᠶ᠋ᠢ ᠨᠤᠲᠤᠭᠰᠢᠭᠤᠯᠬᠤ ᠴᠢᢉᠯᠡᠯ ᠳ᠋ᠦ ᠴᠢᠬᠤᠯᠠ ᠠᠯᠬᠤᠮ ᠪᠣᠯᠵᠤ ᠪᠠᠶᠢᠭᠠ ᠪᠠᠷ ᠢ᠋ᠶᠠᠨ ᠣᠨᠴᠠᠯᠢᠭ ᠪᠠᠶᠢᠨᠠ᠃