“Girls in ICT ᠒᠐᠒᠕” ᠠᠷᠭ᠎ᠠ ᢈᠡᠮᠵᠢᠶ᠎ᠡ ᠠᠮᠵᠢᠯᠲᠠᠲᠠᠢ ᠵᠣᢈᠢᠶᠠᠨ ᠪᠠᠶᠢᠭᠤᠯᠤᠭᠳᠠᠯ᠎ᠠ


ᠮᠣᠩᠭᠤᠯ ᠤᠯᠤᠰ «Girls in ICT» ᠪᠤᠶᠤ «ᠬᠠᠷᠢᠯᠴᠠᠭ᠎ᠠ ᠬᠣᠯᠪᠤᠭ᠎ᠠ᠂ ᠮᠡᠳᠡᢉᠡᠯᠡᠯ ᠦ᠋ᠨ ᠲᠧᠻᠨᠤᠯᠤᢉᠢ ᠶ᠋ᠢᠨ ᠰᠠᠯᠪᠤᠷᠢ ᠳᠠᢈᠢ ᠥᢈᠢᠳ ᠦ᠋ᠨ ᠣᠷᠤᠯᠴᠠᠭ᠎ᠠ»-ᠨ ᠤ᠋ ᠡᠳᠦᠷ ᠢ᠋ ᠶᠢᠰᠦ ᠳ᠋ᠡᢈᠢ ᠵᠢᠯ ᠳ᠋ᠦ ᠪᠡᠨ ᠲᠡᠮᠳᠡᢉᠯᠡᠵᠦ ᠪᠠᠶᠢᠨ᠎ᠠ᠃  ᠣᠯᠠᠨ ᠤᠯᠤᠰ ᠤ᠋ᠨ ᠴᠠᢈᠢᠯᠭᠠᠨ ᠬᠣᠯᠪᠤᠭᠠᠨ ᠤ᠋ ᠪᠠᠶᠢᠭᠤᠯᠤᠯᠭ᠎ᠠ ᠠ᠋ᠴᠠ (ITU) ᠡᠨᠡ ᢈᠦ ᠡᠳᠦᠷ ᠢ᠋ ᠒᠐᠑᠑ ᠣᠨ ᠠ᠋ᠴᠠ ᠬᠣᠶᠢᠰᠢ ᠵᠢᠯ ᠪᠦᠷᠢ ᠶ᠋ᠢᠨ ᠳᠥᠷᠪᠡᠳᠦ᠋ᢉᠡᠷ ᠰᠠᠷ᠎ᠠ ᠳ᠋ᠤ ᠲᠡᠮᠳᠡᢉᠯᠡᠨ ᠥᠩᢉᠡᠷᠡᢉᠦᠯᠵᠦ᠂ ᠳᠡᠯᠡᢈᠡᠢ ᠨᠡᠶᠢᠲᠡ ᠪᠡᠷ ᠢ᠋ᠶᠡᠨ ᠮᠡᠳᠡᢉᠡᠯᠡᠯ ᠦ᠋ᠨ ᠲᠧᠻᠨᠣᠯᠣᢉᠢ ᠶ᠋ᠢᠨ ᠰᠠᠯᠪᠤᠷᠢ ᠳ᠋ᠠᢈᠢ ᠥᢈᠢᠳ᠂ ᠡᠮᠡᢉᠲᠡᠢᠢᠴᠦᠳ ᠦ᠋ᠨ ᠣᠷᠤᠯᠴᠠᠭ᠎ᠠ ᠶ᠋ᠢ ᠳᠡᠮᠵᠢᢈᠦ ᠶ᠋ᠢ ᠤᠷᠢᠶᠠᠯᠠᠭᠰᠠᠭᠠᠷ ᠢᠷᠡᢉᠰᠡᠨ᠃

᠒᠐᠒᠕ ᠣᠨ ᠤ᠋ “Girls in ICT” ᠡᠳᠦᠷ ᠲᠦ ᠵᠣᠷᠢᠭᠤᠯᠤᠭᠰᠠᠨ ᠠᠷᠭ᠎ᠠ ᢈᠡᠮᠵᠢᠶ᠎ᠡ ᠥᠨᠦᠳᠦᠷ /᠒᠐᠒᠕᠂᠐᠔᠂᠓᠐/ ᠠᠮᠵᠢᠯᠲᠠᠲᠠᠢ ᠵᠣᢈᠢᠶᠠᠨ ᠪᠠᠶᠢᠭᠤᠯᠤᠭᠳᠠᠯ᠎ᠠ᠃  ᠡᠨᠡ ᢈᠦ ᠠᠷᠭ᠎ᠠ ᢈᠡᠮᠵᠢᠶ᠎ᠡ ᠶ᠋ᠢ ᠨᠦᠪ- ᠤ᠋ᠨ ᢈᠡᠦᢈᠡᠳ ᠦ᠋ᠨ ᠰᠠᠩ᠂ ᠴᠠᢈᠢᠮ ᢈᠥᢉᠵᠢᠯ᠂ ᠢᠨ᠋ ᠨ᠋ᠣᠸᠠᠼ᠂ ᠬᠠᠷᠢᠯᠴᠠᠭ᠎ᠠ ᠬᠣᠯᠪᠤᠭᠠᠨ ᠤ᠋ ᠶᠠᠮᠤᠨ᠂ “ᠢ-ᠮᠣᠩᠭᠤᠯ ᠠᠻᠠᠳ᠋ᠧᠮᠢ” ᠤᠲᠤᠭ᠂ ᠬᠠᠷᠢᠯᠴᠠᠭ᠎ᠠ ᠬᠣᠯᠪᠤᠭᠠᠨ ᠤ᠋ ᠵᠣᢈᠢᠴᠠᠭᠤᠯᠬᠤ ᠬᠣᠷᠢᠶ᠎ᠠ᠂ ᠮᠣᠩᠭᠣᠯ ᠤ᠋ᠨ ᢈᠡᠦᢈᠡᠳ ᠦ᠋ᠨ ᠵᠥᠪᠯᠡᠯ ᠲᠡᠢ ᠬᠠᠮᠲᠤᠷᠠᠨ ᠵᠣᢈᠢᠶᠠᠨ ᠪᠠᠶᠢᠭᠤᠯᠤᠭᠰᠠᠨ ᠪᠥᢉᠡᠳ ᠶᠡᠷᠦᠩᢈᠡᠢ ᠪᠣᠯᠪᠠᠰᠤᠷᠠᠯ ᠤ᠋ᠨ ᠰᠤᠷᠭᠠᠭᠤᠯᠢ ᠶ᠋ᠢᠨ ᠠᠬᠠᠯᠠᠬᠤ ᠠᠩᢉᠢ ᠶ᠋ᠢᠨ ᠑᠕᠐ ᠭᠠᠷᠤᠢ ᠥᢈᠢᠳ ᠣᠷᠤᠯᠴᠠᠭᠰᠠᠨ ᠶᠤᠮ᠃

ᠠᠷᠭ᠎ᠠ ᢈᠡᠮᠵᠢᠶ ᠡᠨ ᠳ᠋ᠦ ᠨᠦᠪ- ᠤ᠋ᠨ ᢈᠡᠦᢈᠡᠳ ᠦ᠋ᠨ ᠰᠠᠩ ᠤ᠋ᠨ ᠮᠣᠩᠭᠣᠯ ᠳ᠋ᠠᢈᠢ ᠰᠢᠳᠠᠷ ᠰᠠᠭᠤᠷᠢᠨ ᠲᠥᠯᠦᢉᠡᠯᠡᢉᠴᠢ ᠶᠠᠭᠠᠨ ᠮᠦ᠂ ᠴᠠᢈᠢᠮ ᢈᠥᢉᠵᠢᠯ᠂ ᠢᠨ᠋᠊ᠨᠣᠸᠠᠼ᠂ ᠬᠠᠷᠢᠯᠴᠠᠭ᠎ᠠ ᠬᠣᠯᠪᠤᠭᠠᠨ ᠤ᠋ ᠰᠠᠶᠢᠳ ᠤ᠋ᠨ ᠵᠥᠪᠯᠡᢈᠦ ᠮᠠ‍᠂ᠲᠤᠯᠭᠠᠲᠤ᠂ “ᠢ-ᠮᠣᠩᠭᠤᠯ ᠠᠻᠠᠳ᠋ᠧᠮᠢ” ᠤᠲᠤᠭ- ᠤ᠋ᠨ ᠵᠠᢈᠢᠷᠤᠯ ᠪᠠ‍᠂ ᠮᠢᠭᠮᠠᠷᠨᠠᠷᠠᠨ᠂ ᠭᠬᠤᠬᠠᠭ- ᠤ᠋ᠨ ᠳᠠᠷᠤᠭ᠎ᠠ ᠭ᠃  ᠥᠨᠢᠷᠴᠡᠴᠡᢉ᠂ ᠰᠢᠰᠲ᠋ᠧᠮ ᠨᠢᢉᠡᠳᢈᠡᠯ ᠦ᠋ᠨ ᠭᠠᠵᠠᠷ ᠤ᠋ᠨ ᠮᠣᠪᠠᠶᠢᠯ ᢈᠥᢉᠵᠢᢉᠦᠯᠦᢉᠴᠢ ᠰ‍᠂ ᠴᠡᠸᠡᠩᠰᠦ᠋ᠷᠦᠩ᠂ ᢈᠾᠵᠠᠬᠤ- ᠤ᠋ᠨ ᠵᢈᠢᠬ᠎ᠠ-ᠡᠶᠢᠨ ᠳᠠᠷᠤᠭ᠎ᠠ ᠠ‍᠂ ᠤᠷᠠᠨᠴᠢᠮᠡᢉ᠂ ᢈᠥᢉᠡᠷᠦᢈᠦᠨ ᠵᠢᠷᠦᢈᠡ ᠲᠪᠪᠢ- ᠤ᠋ᠨ ᠶᠡᠷᠦᠩᢈᠡᠢ ᠵᠣᢈᠢᠴᠠᠭᠤᠯᠤᠭᠴᠢ ᠪ‍᠂ ᠣᠶᠤᠨᠳᠠᠷᠢ ᠨᠠᠷᠠᠨ ᠣᠷᠤᠯᠴᠠᠵᠤ᠂ ᠲᠧᠻᠨᠣᠯᠣᢉᠢ ᠶ᠋ᠢᠨ ᠰᠠᠯᠪᠤᠷᠢ ᠶ᠋ᠢᠨ ᠴᠢᢉ ᠬᠠᠨᠳᠤᠯᠭ᠎ᠠ᠂ ᠪᠣᠯᠤᠮᠵᠢ ᠨᠤᠭᠤᠳ᠂ ᠥᢈᠢᠳ ᠦ᠋ᠨ ᠣᠷᠤᠯᠴᠠᠭ᠎ᠠ ᠶ᠋ᠢ ᠨᠡᠮᠡᢉᠳᠡᢉᠦᠯᢈᠦ ᠲᠤᠬᠠᠢ ᠴᠢᠬᠤᠯᠠ ᠮᠡᠳᠡᢉᠡᠯᠡᠯ ᠢ᠋ ᠬᠤᠪᠢᠶᠠᠯᠴᠠᠵᠤ᠂ ᠤᠷᠮ᠎ᠠ ᠵᠣᠷᠢᠭ ᠥᢉᢈᠦ ᠲᠠᠯ᠎ᠠ ᠪᠦᠷᠢ ᠶ᠋ᠢᠨ ᠮᠡᠳᠡᢉᠡᠯᠡᠯ ᠢ᠋ ᠲᠦᢉᠡᢉᠡᠯ᠎ᠡ᠃

ᠮᠥᠨ ᠣᠷᠤᠯᠴᠠᠭᠴᠢ ᠥᢈᠢᠳ ᠻᠢᠪᠧᠷ ᠠᠶᠤᠯ ᠦᢉᠡᠢ ᠪᠠᠶᠢᠳᠠᠯ᠂ ᠴᠠᢈᠢᠮ ᢉᠡᠮᠲᠦ ᢈᠡᠷᠡᢉ ᠡᠴᠡ ᠤᠷᠢᠳᠴᠢᠯᠠᠨ ᠰᠡᠷᢉᠡᠶᠢᠯᠡᢈᠦ᠂ ᠥᠪᠡᠷ ᠢ᠋ ᠪᠡᠨ ᠬᠠᠮᠠᠭᠠᠯᠠᠬᠤ ᠲᠠᠯᠠᠭᠠᠷ ᠮᠡᠷᢉᠡᠵᠢᠯᠲᠡᠨ ᠨᠦ᠋ᢉᠦᠳ ᠦ᠋ᠨ ᠵᠥᠪᠯᠡᢉᠡ᠂ ᠮᠡᠳᠡᠯᢉᠡ ᠮᠡᠳᠡᢉᠡᠯᠡᠯ ᠢ᠋ ᠰᠣᠨᠤᠰᠴᠤ᠂ ᠬᠠᠷᠢᠯᠴᠠᠨ ᠰᠠᠨᠠᠯ ᠰᠣᠯᠢᠯᠴᠠᠭᠰᠠᠨ ᠶᠤᠮ᠃

“Girls in ICT ᠒᠐᠒᠕” ᠠᠷᠭ᠎ᠠ ᢈᠡᠮᠵᠢᠶ᠎ᠡ ᠨᠢ ᠥᢈᠢᠳ᠂ ᠡᠮᠡᢉᠲᠡᠶᠢᠴᠦᠳ ᠢ᠋ ᠮᠡᠳᠡᢉᠡᠯᠡᠯ ᠦ᠋ᠨ ᠲᠧᠻᠨᠣᠯᠣᢉᠢ ᠶ᠋ᠢᠨ ᠰᠠᠯᠪᠤᠷᠢ ᠳ᠋ᠤ ᠲᠠᠲᠠᠨ ᠣᠷᠤᠯᠴᠠᠭᠤᠯᠬᠤ᠂ᠲᠡᠳᠡᠨ ᠢ᠋ ᠳᠡᠮᠵᠢᢈᠦ᠂ ᠵᠥᠪ ᠮᠡᠷᢉᠡᠵᠢᠯ ᠰᠣᠩᠭᠤᠯᠲᠠ ᢈᠢᢈᠦ ᠳ᠋ᠦ ᠤᠷᠮ᠎ᠠ ᠵᠣᠷᠢᠭ ᠥᢉᢈᠦ᠂ ᠣᠯᠠᠨ ᠤᠯᠤᠰ ᠤ᠋ᠨ ᠲᠤᠷᠰᠢᠯᠭ᠎ᠠ᠂ ᠪᠣᠳᠠᠲᠤ ᠠᠮᠵᠢᠯᠲᠠ ᠶ᠋ᠢᠨ ᠵᠢᠱᠢᠶ᠎ᠡ ᠨᠦ᠋ᢉᠦᠳ ᠲᠡᠢ ᠲᠠᠨᠢᠯᠴᠠᠭᠤᠯᠬᠤ᠂ ᠴᠠᢈᠢᠮ ᠣᠷᠴᠢᠨ ᠳ᠋ᠠᢈᠢ ᠠᠶᠤᠯ ᠦᢉᠡᠢ ᠪᠠᠶᠢᠳᠠᠯ ᠤ᠋ᠨ ᠲᠠᠯᠠᠭᠠᠷᢈᠢ ᠮᠡᠳᠡᠯᢉᠡ ᠶ᠋ᠢ ᠨᠡᠮᠡᢉᠳᠡᢉᠦᠯᢈᠦ ᠵᠣᠷᠢᠯᠭ᠎ᠠ ᠲᠠᠢ ᠪᠠᠶᠢᠪᠠ᠃

ᠨᠡᠶᠢᠲᠡᠯᠡᠭᠰᠡᠨ᠄