ᠲᠥᠷᠦ ᠶ᠋ᠢᠨ ᠠᠯᠪᠠᠨ ᠬᠠᠭᠠᠭᠴᠢᠳ ᠤ᠋ᠨ ᠬᠤᠪᠢ ᠳ᠋ᠤ ᠲᠥᠷᠦ ᠶ᠋ᠢᠨ ᠵᠢᠩᢈᠢᠨᠢ ᠠᠯᠪᠠᠨ ᠤ᠋ ᠰᠢᠯᠭᠠᠯᠲᠠ ᠥᢉᠴᠦ ᠲᠡᠩᠴᠡᠨ᠂ ᠨᠥᢉᠡᠴᠡ ᠳ᠋ᠦ ᠪᠦᠷᠢᠳᢈᠡᢉᠳᠡᢉᠰᠡᠨ ᠲᠤᠬᠠᠢ ᠯᠠᠪᠯᠠᠭᠠ᠂ ᠴᠠᠯᠢᠩ ᠤ᠋ᠨ ᠲᠤᠬᠠᠢ ᠲᠣᠳᠤᠷᠬᠠᠶᠢᠯᠠᠯᠲᠠ᠂ ᠲᠥᠷᠦ ᠶ᠋ᠢᠨ ᠠᠯᠪᠠᠨ ᠳ᠋ᠤ ᠠᠵᠢᠯᠯᠠᠵᠤ ᠪᠤᠢ ᠠᠯᠪᠠᠨ ᠬᠠᠭᠠᠭᠴᠢ ᠶ᠋ᠢᠨ ᠲᠣᠳᠤᠷᠬᠠᠶᠢᠯᠠᠯᠲᠠ ᠶ᠋ᠢ ᠡᠮᠦᠨᠡ ᠨᠢ ᠵᠠᠪᠠᠯ ᠤᠳᠤᠷᠢᠳᠤᠯᠭᠠ ᠪᠠᠷ ᠢ᠋ᠶᠠᠨ ᠳᠠᠮᠵᠢᠭᠤᠯᠤᠨ ᠪᠡᠶᠡᠴᠢᠯᠡᠨ ᠱᠠᠲᠤ ᠳᠠᠷᠠᠭᠠ ᠲᠠᠢ ᠠᠪᠳᠠᠭ ᠪᠠᠶᠢᠭᠰᠠᠨ᠃ ᠲᠡᢉᠡᠪᠡᠯ “ᠢ-ᠮᠣᠩᠭᠤᠯ ᠠᠻᠠᠳ᠋ᠧᠮᠢ” ᠤᠲᠤᠭ ᠨᠢ ᠲᠥᠷᠦ ᠶ᠋ᠢᠨ ᠠᠯᠪᠠᠨ ᠤ᠋ ᠵᠥᠪᠯᠡᠯ ᠲᠡᠢ ᠬᠠᠮᠲᠤᠷᠠᠨ ᠲᠥᠷᠦ ᠶ᠋ᠢᠨ ᠠᠯᠪᠠᠨ ᠬᠠᠭᠠᠭᠴᠢᠳ ᠲᠤ ᢈᠡᠷᠡᢉᠴᠡᢉᠡ ᠱᠠᠭᠠᠷᠳᠠᠯᠭᠠᠲᠠᠢ ᠳᠤᠷᠠᠳᠤᠭᠰᠠᠨ ᠓ ᠦᠶᠢᠯᠡᠴᠢᠯᠡᢉᠡ ᠶ᠋ᠢ ᠴᠠᢈᠢᠮᠵᠢᠭᠤᠯᠤᠭᠰᠠᠨ ᠠ᠋ᠴᠠ ᠬᠣᠶᠢᠰᠢ:
- ᠲᠥᠷᠦ ᠶ᠋ᠢᠨ ᠵᠢᠩᢈᠢᠨᠢ ᠠᠯᠪᠠᠨ ᠤ᠋ ᠰᠢᠯᠭᠠᠯᠲᠠ ᠥᢉᠴᠦ ᠲᠡᠩᠴᠡᠨ᠂ ᠨᠥᢉᠡᠴᠡ ᠳ᠋ᠦ ᠪᠦᠷᠢᠳᢈᠡᢉᠳᠡᢉᠰᠡᠨ ᠲᠤᠬᠠᠢ ᠯᠠᠪᠯᠠᠭᠠ (ᠲᠤᠰ ᠯᠠᠪᠯᠠᠭᠠ ᠨᠢ ᠨᠥᢉᠡᠴᠡ ᠳ᠋ᠦ ᠪᠦᠷᠢᠳᢈᠡᠯ ᠦᢉᠡᠢ ᢈᠦᠮᠦᠨ ᠳ᠋ᠦ ᠴᠤ ᠪᠦᠷᠢᠳᢈᠡᠯ ᠦᢉᠡᠢ ᠪᠠᠶᠢᠨᠠ ᢉᠡᠰᠡᠨ ᠤᠳᠬᠠ ᠲᠠᠢ ᠪᠠᠷ ᠯᠠᠪᠯᠠᠭᠠ ᢈᠡᠯᠪᠡᠷᠢ ᠪᠡᠷ ᠬᠠᠷᠠᠭᠳᠠᠨᠠ᠃ ) – ᠒᠒᠘᠒
- ᠲᠥᠷᠦ ᠶ᠋ᠢᠨ ᠠᠯᠪᠠᠨ ᠬᠠᠭᠠᠭᠴᠢ ᠶ᠋ᠢᠨ ᠴᠠᠯᠢᠩ ᠤ᠋ᠨ ᠲᠤᠬᠠᠢ ᠲᠣᠳᠤᠷᠬᠠᠶᠢᠯᠠᠯᠲᠠ – ᠑᠙᠙᠘᠐
- ᠲᠥᠷᠦ ᠶ᠋ᠢᠨ ᠠᠯᠪᠠᠨ ᠳ᠋ᠤ ᠠᠵᠢᠯᠯᠠᠵᠤ ᠪᠤᠢ ᠠᠯᠪᠠᠨ ᠬᠠᠭᠠᠭᠴᠢ ᠶ᠋ᠢᠨ ᠲᠣᠳᠤᠷᠬᠠᠶᠢᠯᠠᠯᠲᠠ – ᠑᠗᠖᠐᠙ ᠤᠳᠠᠭᠠ ᠠᠪᠤᠭᠰᠠᠨ ᠨᠢ ᠡᠳᠡᢉᠡᠷ ᠦᠢᠯᠡᠴᠢᠯᠡᢉᠡ ᠨᠢ ᠡᠷᠢᠯᠲᠡ ᢈᠡᠷᠡᢉᠴᠡᢉᠡ ᠲᠡᠢ ᠪᠠᠶᠢᠭᠠ ᠶ᠋ᠢ ᠬᠠᠷᠠᠭᠤᠯᠵᠤ ᠪᠠᠶᠢᠨᠠ᠃
ᠡᠳᠡᢉᠡᠷ ᠦᠢᠯᠡᠴᠢᠯᠡᢉᠡ ᠨᠦ᠋ᢉᠦᠳ ᠢ᠋ ᠲᠥᠷᠦ ᠶ᠋ᠢᠨ ᠠᠯᠪᠠᠨ ᠬᠠᠭᠠᠭᠴᠢᠳ ᠲᠤ ᢈᠦᠷᠲᠡᢉᠡᠮᠵᠢ ᠲᠡᠢ ᠪᠡᠷ ᢈᠦᠷᢈᠡᢈᠦ᠂ ᠮᠡᠳᠡᢉᠡ ᠮᠡᠳᠡᢉᠡᠯᠡᠯ ᠢ᠋ ᠣᠯᠠᠨ ᠲᠠᠯᠠᠲᠤ ᠰᠤᠪᠠᠭ ᠢ᠋ᠶᠠᠷ ᢈᠦᠷᢈᠡᢈᠦ᠂ ᠴᠠᢈᠢᠮ ᠰᠢᠯᠵᠢᠯᠲᠡ ᠶ᠋ᠢ ᠢᠯᠡᢉᠦᠦ ᠨᠡᠮᠡᢉᠳᠡᢉᠦᠯᢈᠦ ᠴᠢᢉᠯᠡᠯ ᠢ᠋ᠶᠡᠷ “ᠢ-ᠮᠣᠩᠭᠤᠯ ᠠᠻᠠᠳ᠋ᠧᠮᠢ” ᠤᠲᠤᠭ᠂ ᠲᠥᠷᠦ ᠶ᠋ᠢᠨ ᠠᠯᠪᠠᠨ ᠤ᠋ ᠵᠥᠪᠯᠡᠯ ᠦ᠋ᠨ ᢈᠡᠪᠯᠡᠯ ᠮᠡᠳᠡᢉᠡᠯᠡᠯ ᠦ᠋ᠨ ᠬᠠᠷᠢᠭᠤᠴᠠᠭᠰᠠᠨ ᠠᠯᠪᠠ ᠬᠠᠭᠠᠭᠴᠢᠳ ᠬᠠᠮᠲᠤᠷᠠᠭᠰᠠᠨ ᠠᠭᠤᠯᠵᠠᠯᠲᠠ ᠶ᠋ᠢ ᠵᠣᢈᠢᠶᠠᠨ ᠪᠠᠶᠢᠭᠤᠯᠤᠯᠠ᠃
ᠴᠠᠭᠠᠰᠢᠳᠠ ᠲᠥᠷᠦ ᠶ᠋ᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠦᠢᠯᠡᠴᠢᠯᠡᢉᠡ ᠶ᠋ᠢ ᠨᠡᠮᠡᢈᠦ᠂ ᢈᠦᠮᠦᠨ ᠦ᠋ ᠨᠥᢉᠡᠴᠡ ᠶ᠋ᠢᠨ ᠤᠳᠤᠷᠢᠳᠤᠯᠭᠠ ᠮᠣᠳᠦᠯᠢ ᠶ᠋ᠢ ᠲᠥᠷᠦ ᠶ᠋ᠢᠨ ᠠᠯᠪᠠᠨ ᠬᠠᠭᠠᠭᠴᠢ ᠮᠣᠳᠦ᠋ᠯᠢ ᠲᠠᠢ ᠬᠣᠯᠪᠤᠬᠤ᠂ ᢈᠦᠮᠦᠨ ᠦ᠋ ᠨᠥᢉᠡᠴᠡ ᠶ᠋ᠢᠨ ᠪᠦᠷᠢᠳᢈᠡᠳᠡᢉ ᠱᠠᠩᠨᠠᠯ ᠤ᠋ᠨ ᠮᠡᠳᠡᢉᠡᠯᠡᠯ ᠢ᠋ ᠰᠧᠷᠸᠢᠰ ᠢ᠋ᠶᠡᠷ ᠬᠣᠯᠪᠤᠬᠤ ᠨᠥᢈᠦᠴᠡᠯ ᠪᠦᠷᠢᠳᠴᠦ ᠪᠠᠶᠢᠭᠠ ᠶᠤᠮ᠃
ᠲᠥᠷᠦ ᠶ᠋ᠢᠨ ᠠᠯᠪᠠᠨ ᠬᠠᠭᠠᠭᠴᠢ ᠶ᠋ᠢᠨ ᠲᠣᠭᠠ ᠨᠢ ᠮᠣᠩᠭᠣᠯ ᠤᠯᠤᠰ ᠤ᠋ᠨ ᠨᠡᠶᠢᠲᠡ ᢈᠦᠮᠦᠨ ᠠᠮᠠ ᠶ᠋ᠢᠨ ᠖᠂᠖᠗ ᠬᠤᠪᠢ᠂ ᠨᠡᠶᠢᠲᠡ ᠠᠵᠢᠯᠯᠠᠬᠤ ᢈᠦᠴᠦᠨ ᠦ᠋ ᠑᠘᠂᠒ ᠬᠤᠪᠢ ᠶ᠋ᠢ ᠡᠵᠡᠯᠡᠵᠦ ᠪᠠᠶᠢᠨᠠ᠃ ᠒᠐᠒᠓ ᠣᠨ ᠤ᠋ ᠨᠢᢉᠡᠳᠦᢉᠰᠡᠨ ᠲᠣᠭᠠᠨ ᠮᠡᠳᠡᢉᠡᠯᠡᠯ ᠢ᠋ᠶᠡᠷ ᠔᠒᠓᠙ ᠪᠠᠶᠢᠭᠤᠯᠤᠯᠭᠠ᠂ ᠒᠒᠖᠔᠙᠖ ᠠᠯᠪᠠᠨ ᠬᠠᠭᠠᠭᠴᠢ ᠪᠦᠷᠢᠳᢈᠡᢉᠳᠡᢉᠰᠡᠨ ᠨᠢ ᠡᠮᠦᠨᠡᢈᠢ ᠣᠨ ᠤ᠋ ᠮᠥᠨ ᠦᠶᠡ ᠲᠡᠢ ᠬᠠᠷᠢᠴᠠᠭᠤᠯᠬᠤ ᠳ᠋ᠤ ᠲᠥᠷᠦ ᠶ᠋ᠢᠨ ᠠᠯᠪᠠᠨ ᠬᠠᠭᠠᠭᠴᠢ ᠶ᠋ᠢᠨ ᠲᠣᠭᠠ ᠑᠒᠙᠑ ᠪᠤᠶᠤ ᠐᠂᠖ ᠬᠤᠪᠢ ᠪᠠᠷ ᠥᠰᠦᢉᠰᠡᠨ ᠦᠵᠡᢉᠦᠯᠦᠯᠲᠡ ᠲᠡᠢ ᠪᠠᠶᠢᠨᠠ᠃
ᠴᠠᢈᠢᠮ ᠰᠢᠯᠵᠢᠯᠲᠡ ᠶ᠋ᠢᠨ ᢈᠦᠷᠢᠶᠡᠨ ᠳ᠋ᠦ ᠲᠥᠷᠦ ᠶ᠋ᠢᠨ ᠠᠯᠪᠠᠨ ᠬᠠᠭᠠᠭᠴᠢᠳ ᠵᠠᠶᠢᠯᠠᠰᠢ ᠦᢉᠡᠢ ᠱᠠᠭᠠᠷᠳᠠᠯᠭᠠᠲᠠᠢ ᠦᠢᠯᠡᠴᠢᠯᠡᢉᠡ ᠪᠡᠨ ᢈᠦᠨᠳᠦ ᠰᠤᠷᠲᠠᠯ ᠦᢉᠡᠢ᠂ᠲᠦᠷᢉᠡᠨ ᠰᠢᠭᠤᠷᠬᠠᠢ ᠠᠪᠬᠤ᠂ ᠮᠡᠳᠡᢉᠡᠯᠡᠯ ᠦ᠋ᠨ ᠢᠯᠡ ᠲᠣᠳᠤ ᠪᠠᠶᠢᠳᠠᠯ ᠢ᠋ ᠬᠠᠩᠭᠠᠬᠤ᠂ ᠲᠥᠷᠦ ᠶ᠋ᠢᠨ ᠪᠠᠶᠢᠭᠤᠯᠤᠯᠭᠠ ᠨᠤᠭᠤᠳ ᠢᠷᢉᠡᠳ ᠡᠴᠡ ᠳᠠᠪᠬᠤᠷ ᠮᠡᠳᠡᢉᠡᠯᠡᠯ ᠱᠠᠭᠠᠷᠳᠠᠬᠤ ᠦᢉᠡᠢ ᠪᠡᠷ ᠰᠢᠭᠤᠳ ᠦᠢᠯᠡᠴᠢᠯᠡᢉᠡ ᠦᠵᠡᢉᠦᠯᢈᠦ ᠨᠥᢈᠦᠴᠡᠯ ᠤᠯᠠᠮ ᠰᠠᠶᠢᠵᠢᠷᠠᠵᠤ ᠪᠠᠶᠢᠨᠠ᠃