“ᠢ-ᠮᠣᠩᠭᠤᠯ ᠠᠻᠠᠳ᠋ᠧᠮᠢ” ᠤᠲᠤᠭ ᠪᠣᠯᠤᠨ ᠤᠯᠤᠰ ᠤ᠋ᠨ ᠬᠣᠶᠠᠳᠤᠭᠠᠷ ᠲᠥᠪ ᠡᠮᠨᠡᠯᢉᠡ ᠤᠷᠲᠤ ᠬᠤᠭᠤᠴᠠᠭᠠᠨ ᠳ᠋ᠤ ᠬᠠᠮᠲᠤᠷᠠᠨ ᠠᠵᠢᠯᠯᠠᠬᠤ ᠰᠲ᠋ᠷᠠᠲ᠋ᠧᢉᠢ ᠶ᠋ᠢᠨ ᠲᠦᠩᠰᠢᠯᠡᠯ ᠡᢈᠢᠯᠡᢉᠦᠯᠵᠦ᠂ ᠒᠐᠒᠕ ᠣᠨ ᠤ᠋ ᠐᠕ ᠰᠠᠷᠠ ᠶ᠋ᠢᠨ ᠑᠖- ᠤ᠋ ᠡᠳᠦᠷ ᠬᠠᠮᠲᠤ ᠶ᠋ᠢᠨ ᠠᠵᠢᠯᠯᠠᠭᠠᠨ ᠤ᠋ ᠰᠠᠨᠠᠮᠵᠢ ᠪᠢᠴᠢᢉ ᠲᠦ ᠭᠠᠷ ᠤ᠋ᠨ ᠦᠰᠦᢉ ᠵᠢᠷᠤᠯᠠ᠃ ᠡᠨᠡ ᢈᠦ ᠰᠠᠨᠠᠮᠵᠢ ᠪᠢᠴᠢᢉ ᠨᠢ ᠡᠷᠡᢉᠦᠯ ᠮᠡᠨᠳᠦ ᠶ᠋ᠢᠨ ᠦᠢᠯᠡᠴᠢᠯᠡᢉᠡᠨ ᠦ᠋ ᠴᠠᢈᠢᠮᠵᠢᠯᠲᠠ ᠶ᠋ᠢ ᠡᠷᠴᠢᠮᠵᠢᢉᠦᠯᠦᠨ ᠨᠡᠮᠡᢉᠳᠡᢉᠦᠯᢈᠦ᠂ᠪᠠᠶᠢᠭᠤᠯᠤᠯᠭᠠ ᠶ᠋ᠢᠨ ᠳᠣᠲᠤᠭᠠᠳᠤ ᠨᠥᢉᠡᠴᠡ᠂ ᠴᠢᠳᠠᠪᠬᠠ ᠳ᠋ᠤ ᠲᠤᠯᠭᠠᠭᠤᠷᠢᠯᠠᠨ ᢈᠥᢉᠵᠢᠯ ᠦ᠋ᠨ ᠰᠢᠨᠡ ᠪᠣᠯᠤᠮᠵᠢ ᠨᠤᠭᠤᠳ ᠢ᠋ ᠪᠦᠷᠢᠳᠦᢉᠦᠯᢈᠦ᠂ ᠠᠯᠪᠠᠨ ᠬᠠᠭᠠᠭᠴᠢᠳ ᠤ᠋ᠨ ᠡᠷᠡᢉᠦᠯ ᠮᠡᠨᠳᠦ ᠶ᠋ᠢ ᠬᠠᠮᠠᠭᠠᠯᠠᠬᠤ ᠴᠣᠭᠴᠠ ᠪᠣᠳᠤᠯᠭᠠ ᠶ᠋ᠢ ᠳᠡᠮᠵᠢᢈᠦ ᠳ᠋ᠦ ᠴᠢᢉᠯᠡᠵᠦ ᠪᠠᠶᠢᠨᠠ᠃
ᠬᠠᠮᠲᠤ ᠶ᠋ᠢᠨ ᠠᠵᠢᠯᠯᠠᠭᠠᠨ ᠤ᠋ ᢈᠦᠷᠢᠶ ᠡᠨ ᠳ᠋ᠦ:
- ᠢᠷᢉᠡᠳ ᠲᠦ ᠵᠣᠷᠢᠭᠤᠯᠤᠭᠰᠠᠨ ᠡᠷᠡᢉᠦᠯ ᠮᠡᠨᠳᠦ ᠶ᠋ᠢᠨ ᠪᠣᠯᠪᠠᠰᠤᠷᠠᠯ ᠤ᠋ᠨ ᢈᠥᠲᠦᠯᠪᠦᠷᠢ ᠪᠣᠯᠪᠠᠰᠤᠷᠠᠭᠤᠯᠵᠤ᠂ ᠰᠤᠷᠭᠠᠯᠲᠠ᠂ ᠲᠠᠨᠢᠨ ᠮᠡᠳᠡᢈᠦᠢ ᠻᠣᠨᠲ᠋ᠧᠨᠲ ᢈᠦᠷᢈᠡᢈᠦ;
- ᠡᠷᠡᢉᠦᠯ ᠮᠡᠨᠳᠦ ᠶ᠋ᠢᠨ ᠰᠠᠯᠪᠤᠷᠢ ᠶ᠋ᠢᠨ ᠠᠵᠢᠯᠲᠠᠨ ᠨᠤᠭᠤᠳ ᠲᠤ ᠵᠣᠷᠢᠭᠤᠯᠤᠭᠰᠠᠨ ᠮᠡᠳᠡᢉᠡᠯᠡᠯ ᠦ᠋ᠨ ᠲᠧᠻᠨᠣᠯᠣᢉᠢ ᠶ᠋ᠢᠨ ᠰᠤᠷᠭᠠᠯᠲᠠ᠂ ᠵᠥᠪᠯᠡᠮᠵᠢ ᠶ᠋ᠢ ᠲᠣᠭᠲᠠᠮᠠᠯ ᠵᠣᢈᠢᠶᠠᠨ ᠪᠠᠶᠢᠭᠤᠯᠬᠤ;
- ᠴᠠᢈᠢᠮ ᠴᠠᠭ ᠵᠠᢈᠢᠶᠠᠯᠠᠭᠠ᠂ ᠬᠠᠷᠢᠭᠤ ᠮᠡᠳᠡᢉᠳᠡᠯ᠂ ᠰᠠᠨᠠᠭᠤᠯᠭᠠ ᠵᠡᠷᢉᠡ ᠦᠢᠯᠡᠴᠢᠯᠡᢉᠡ ᠶ᠋ᠢ ᠢᠯᠡᢉᠦᠦ ᢈᠦᠷᠲᠡᢉᠡᠮᠵᠢᠲᠡᠢ᠂ ᢈᠡᠷᠡᢉᠯᠡᢉᠴᠢ ᠲᠥᠪ ᠲᠡᠢ ᠪᠣᠯᠭᠠᠨ ᠰᠠᠶᠢᠵᠢᠷᠠᠭᠤᠯᠬᠤ;
- ᠲᠥᠷᠦ ᠶ᠋ᠢᠨ ᠪᠠᠶᠢᠭᠤᠯᠤᠯᠭᠠ ᠶ᠋ᠢᠨ ᠨᠢᢉᠡᠳᠦᢉᠰᠡᠨ ERP ᠰᠢᠰᠲ᠋ᠧᠮ ᠦ᠋ᠨ ᠨᠡᠪᠲᠡᠷᠡᢉᠦᠯᠦᠯᠲᠡ᠂ ᠠᠰᠢᠭᠯᠠᠯᠲᠠ ᠳ᠋ᠤ ᠮᠡᠷᢉᠡᠵᠢᠯ ᠦ᠋ᠨ ᠵᠥᠪᠯᠡᠮᠵᠢ᠂ ᠳᠡᠮᠵᠢᠯᢉᠡ ᠦᠵᠡᢉᠦᠯᢈᠦ;
- “ᠢ-ᠮᠣᠩᠭᠤᠯ ᠠᠻᠠᠳ᠋ᠧᠮᠢ” ᠤᠲᠤᠭ- ᠤ᠋ᠨ ᠨᠡᠶᠢᠲᠡ ᠠᠯᠪᠠᠨ ᠬᠠᠭᠠᠭᠴᠢᠳ ᠢ᠋ ᠵᠢᠯ ᠦ᠋ᠨ ᠤᠷᠢᠳᠴᠢᠯᠠᠨ ᠰᠡᠷᢉᠡᠶᠢᠯᠡᢈᠦ ᠦᠵᠡᠯᢉᠡ᠂ MRI ᠣᠨᠤᠰᠢᠯᠠᠭᠠᠨ ᠳ᠋ᠤ ᠬᠠᠮᠤᠷᠤᠭᠤᠯᠬᠤ᠂ ᠡᠷᠡᢉᠦᠯ ᠮᠡᠨᠳᠦ ᠶ᠋ᠢᠨ ᠲᠤᠰᠠᠯᠠᠮᠵᠢ ᠦᠢᠯᠡᠴᠢᠯᠡᢉᠡ ᠶ᠋ᠢ ᢈᠥᠩᢉᠡᠯᠡᠯᠲᠡ ᠲᠡᠢ ᠦᠨᠡ ᠪᠡᠷ ᠠᠪᠬᠤ ᠪᠣᠯᠤᠮᠵᠢ ᠶ᠋ᠢ ᠰᠤᠳᠤᠯᠤᠨ ᢈᠡᠷᠡᢉᠵᠢᢉᠦᠯᢈᠦ ᠳ᠋ᠦ ᠴᠢᢉᠯᠡᠵᠦ ᠪᠠᠶᠢᠨᠠ᠃
ᠮᠥᠨ ᠳᠠᠭᠤᠳᠠᠯᠭᠠ ᠶ᠋ᠢᠨ ᠲᠥᠪ ᠦ᠋ᠨ ᠦᠢᠯᠡ ᠠᠵᠢᠯᠯᠠᠭᠠ ᠶ᠋ᠢ ᠰᠠᠶᠢᠵᠢᠷᠠᠭᠤᠯᠬᠤ᠂ ᠮᠡᠳᠡᢉᠡᠯᠡᠯ ᠦ᠋ᠨ ᠠᠶᠤᠯ ᠦᢉᠡᠢ ᠪᠠᠶᠢᠳᠠᠯ ᠤ᠋ᠨ ᠰᠲ᠋ᠠᠨ᠋ᠳᠠᠷᠲ ᠢ᠋ ᠮᠥᠷᠳᠡᢉᠦᠯᢈᠦ ᠴᠢᢉᠯᠡᠯ ᠢ᠋ᠶᠡᠷ ᠴᠤ ᠦᠷᠡ ᠳ᠋ᠦᠩᠲᠡᠢ ᠬᠠᠮᠲᠤᠷᠠᠨ ᠠᠵᠢᠯᠯᠠᠬᠤ ᠨᠥᢈᠦᠴᠡᠯ ᠪᠦᠷᠢᠳᠴᠦ ᠪᠠᠶᠢᠭᠠ ᠶᠤᠮ᠃
“ᠢ-ᠮᠣᠩᠭᠤᠯ ᠠᠻᠠᠳ᠋ᠧᠮᠢ” ᠪᠣᠯᠤᠨ ᠤᠯᠤᠰ ᠤ᠋ᠨ ᠬᠣᠶᠠᠳᠤᠭᠠᠷ ᠲᠥᠪ ᠡᠮᠨᠡᠯᢉᠡ ᠶ᠋ᠢᠨ ᠬᠠᠮᠲᠤ ᠶ᠋ᠢᠨ ᠠᠵᠢᠯᠯᠠᠭᠠ ᠨᠢ ᠡᠷᠡᢉᠦᠯ ᠮᠡᠨᠳᠦ ᠶ᠋ᠢᠨ ᠰᠠᠯᠪᠤᠷᠢ ᠶ᠋ᠢᠨ ᠴᠠᢈᠢᠮ ᠰᠢᠨᠡᠴᠢᠯᠡᠯ ᠢ᠋ ᠳᠡᠮᠵᠢᢉᠰᠡᠨ᠂ ᠲᠣᠭᠲᠠᠪᠤᠷᠢᠲᠠᠢ᠂ ᠢᠷᢉᠡᠳ ᠲᠦ ᠡᢉᠡᠯᠢᠲᠡᠢ᠂ ᢈᠦᠷᠲᠡᢉᠡᠮᠵᠢᠲᠡᠢ ᠪᠠᠶᠢᠬᠤ ᠲᠠᠯᠠ ᠳᠡᢉᠡᠷᠡ ᠢᠯᠡᢉᠦᠦ ᠠᠩᠬᠠᠷᠬᠤ ᠶᠤᠮ᠃ ᠴᠠᠭᠠᠰᠢᠳᠠ ᠲᠥᠷᠦ ᠶ᠋ᠢᠨ ᠪᠠᠶᠢᠭᠤᠯᠤᠯᠭᠠ ᠨᠤᠭᠤᠳ ᠤ᠋ᠨ ᠳᠣᠲᠤᠭᠠᠳᠤ ᠦᠶᠢᠯᠡ ᠠᠵᠢᠯᠯᠠᠭᠠᠨ ᠤ᠋ ᠮᠧᠨᠧᠵᠮᠧᠨ᠋ᠲ᠂ ᠡᠷᠡᢉᠦᠯ ᠮᠡᠨᠳᠦ ᠶ᠋ᠢᠨ ᠮᠡᠳᠡᢉᠡᠯᠡᠯ ᠦ᠋ᠨ ᢈᠦᠷᠲᠡᢉᠡᠮᠵᠢ᠂ ᠠᠯᠪᠠᠨ ᠬᠠᠭᠠᠭᠴᠢᠳ ᠤ᠋ᠨ ᠡᠷᠡᢉᠦᠯ ᠮᠡᠨᠳᠦ ᠶ᠋ᠢ ᠬᠠᠮᠠᠭᠠᠯᠠᠬᠤ ᠪᠣᠳᠤᠯᠭᠠ ᠶ᠋ᠢᠨ ᢈᠡᠷᠡᢉᠵᠢᠯᠲᠡ ᠶ᠋ᠢ ᠰᠢᠨᠡ ᠲᠦᠪᠰᠢᠨ ᠳ᠋ᠦ ᠭᠠᠷᠭᠠᠬᠤ ᠰᠠᠭᠤᠷᠢ ᠶ᠋ᠢ ᠲᠠᠯᠪᠢᠵᠤ ᠪᠤᠢ ᠪᠠᠷ ᠢ᠋ᠶᠠᠨ ᠣᠨᠴᠠᠯᠢᠭ ᠶᠤᠮ᠃