ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ᠂ “ᠢ-ᠮᠣᠩᠭᠤᠯ ᠠᠻᠠᠳ᠋ᠧᠮᠢ” ᠤᠲᠤᠭ ᠵᠣᠷᠢᠯᠲᠠᠲᠤ ᠪᠦᠯᠦᢉ ᠦ᠋ᠨ ᢈᠡᠷᠡᢉᠯᠡᢉᠴᠢᠳ ᠲᠦ ᠢᠯᠡᢉᠦᠦ ᢈᠦᠷᠴᠦ ᠠᠵᠢᠯᠯᠠᠨ᠎ᠠ


“ᠢ-ᠮᠣᠩᠭᠤᠯ ᠠᠻᠠᠳ᠋ᠧᠮᠢ” ᠤᠲᠤᠭ᠂ ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ ᠬᠠᠮᠲᠤᠷᠠᠨ ᠵᠣᠷᠢᠯᠲᠠᠲᠤ ᠪᠦᠯᠦᢉ ᠦ᠋ᠨ ᠢᠷᢉᠡᠳ ᠲᠦ ᠵᠣᠷᠢᠭᠤᠯᠤᠭᠰᠠᠨ ᠡᠷᠡᢉᠦᠯ ᠮᠡᠨᠳᠦ ᠶ᠋ᠢᠨ ᠴᠠᢈᠢᠮ ᠦᠢᠯᠡᠴᠢᠯᠡᢉᠡ ᠶ᠋ᠢ ᠥᠷᢉᠡᠵᠢᢉᠦᠯᠵᠦ᠂ ᢈᠦᠷᠲᠡᢉᠡᠮᠵᠢ ᠶ᠋ᠢ ᠨᠡᠮᠡᢉᠳᠡᢉᠦᠯᢈᠦ ᠴᠢᢉᠯᠡᠯ ᠢ᠋ᠶᠡᠷ ᠠᠭᠤᠯᠵᠠᠯᠲᠠ ᠵᠣᢈᠢᠶᠠᠨ ᠪᠠᠶᠢᠭᠤᠯᠤᠯ᠎ᠠ᠃ ᠡᠨᠡ ᠨᠢ ᠵᠥᠪᢈᠡᠨ ᠦᠢᠯᠡᠴᠢᠯᠡᢉᠡᠨ ᠦ᠋ ᢈᠦᠷᠲᠡᢉᠡᠮᠵᠢ ᠶ᠋ᠢ ᠨᠡᠮᠡᢈᠦ ᠲᠡᠳᠦᠢ ᠦᢉᠡᠢ᠂ ᠢᠷᢉᠡᠳ ᠦ᠋ᠨ ᠴᠠᠭ ᠬᠤᠭᠤᠴᠠᠭ᠎ᠠ᠂ ᠵᠠᠷᠤᠳᠠᠯ ᠢ᠋ ᢈᠡᠮᠨᠡᢉᠰᠡᠨ ᠪᠣᠳᠠᠲᠤ ᠠᠯᠬᠤᠮ ᠪᠣᠯᠵᠤ ᠪᠠᠶᠢᠭ᠎ᠠ ᠪᠢᠯᠡ᠃

ᠣᠳᠤ ᠶ᠋ᠢᠨ ᠪᠠᠶᠢᠳᠠᠯ ᠢ᠋ᠶᠠᠷ ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ ᠦ᠋ᠨ ᠴᠠᢈᠢᠮ ᠓ ᠦᠶᠢᠯᠡᠴᠢᠯᠡᢉᠡ ᠶ᠋ᠢ E-Mongolia ᠰᠢᠰᠲ᠋ᠧᠮ ᠢ᠋ᠶᠡᠷ ᠳᠠᠮᠵᠢᠭᠤᠯᠤᠨ:

  • ᠡᠮᠨᠡᠯᢉᠡ ᠶ᠋ᠢᠨ ᠮᠡᠷᢉᠡᠵᠢᠯᠲᠡᠨ ᠦ᠋ ᠮᠡᠷᢉᠡᠵᠢᠯ ᠦ᠋ᠨ ᠦᠶᠢᠯᠡ ᠠᠵᠢᠯᠯᠠᠭ᠎ᠠ ᠡᠷᢈᠢᠯᠡᢈᠦ ᠵᠥᠪᠰᠢᠶᠡᠷᠡᠯ ᠦ᠋ᠨ ᠯᠠᠪᠯᠠᠭ᠎ᠠ ᠖᠒᠔ ᠤᠳᠠᠭ᠎ᠠ;
  • ᠡᠷᠡᢉᠦᠯ ᠮᠡᠨᠳᠦ ᠶ᠋ᠢᠨ ᠠᠵᠢᠯᠲᠠᠨ ᠤ᠋ ᠮᠡᠷᢉᠡᠰᠢᠯ ᠦ᠋ᠨ ᠵᠡᠷᢉᠡ ᠶ᠋ᠢᠨ ᠯᠠᠪᠯᠠᠭ᠎ᠠ ᠙᠔᠘᠘ ᠤᠳᠠᠭ᠎ᠠ;
  • ᠳᠣᠨᠤᠷ ᠤ᠋ᠨ ᠵᠥᠪᠰᠢᠶᠡᠷᠡᠯ ᠦ᠋ᠨ ᢈᠦᠰᠡᠯᠲᠡ  ᠔᠓᠒᠕ ᠠᠪᠤᠭᠰᠠᠨ ᠪᠠᠶᠢᠨ᠎ᠠ᠃

ᠡᠨᠡ ᠤᠳᠠᠭ᠎ᠠ ᠶ᠋ᠢᠨ ᠠᠭᠤᠯᠵᠠᠯᠲᠠ ᠶ᠋ᠢᠨ ᠭᠣᠣᠯ ᠵᠣᠷᠢᠯᠭ᠎ᠠ ᠨᠢ:

  • ᠡᠷᠡᢉᠦᠯ ᠮᠡᠨᠳᠦ ᠶ᠋ᠢᠨ ᠴᠠᢈᠢᠮ ᠦᠶᠢᠯᠡᠴᠢᠯᠡᢉᠡᠨ ᠦ᠋ ᢈᠦᠷᠲᠡᢉᠡᠮᠵᠢ ᠶ᠋ᠢ ᠨᠡᠮᠡᢉᠳᠡᢉᠦᠯᢈᠦ;
  • ᠵᠣᠷᠢᠯᠲᠠᠲᠤ ᠪᠦᠯᠦᢉ ᠦ᠋ᠨ ᢈᠡᠷᠡᢉᠯᠡᢉᠴᠢᠳ ᠲᠦ (ᠠᠬᠠᠮᠠᠳ ᠨᠠᠰᠤᠲᠠᠨ᠂ ᢈᠥᠳᠡᢉᠡ ᠣᠷᠤᠨ ᠨᠤᠲᠤᠭ ᠤ᠋ᠨ ᠢᠷᢉᠡᠳ) ᠣᠶᠢᠯᠠᠭᠠᠮᠵᠢᠲᠠᠢ ᢈᠢᠯᠪᠠᠷ ᠪᠠᠶᠢᠳᠠᠯ ᠢ᠋ᠶᠠᠷ ᠮᠡᠳᠡᢉᠡᠯᠡᠯ ᢈᠦᠷᢈᠡᢈᠦ;
  • ᠰᠠᠯᠪᠤᠷᠢ ᠶ᠋ᠢᠨ ᠮᠡᠷᢉᠡᠵᠢᠯᠲᠡᠨ ᠨᠦ᠋ᢉᠦᠳ ᠲᠡᠢ ᠬᠠᠮᠲᠤᠷᠠᠨ ᠰᠤᠷᠭᠠᠯᠲᠠ᠂ ᠰᠤᠷᠲᠠᠯᠴᠢᠯᠠᠭᠠᠨ ᠤ᠋ ᠠᠵᠢᠯ ᠵᠣᢈᠢᠶᠠᠨ ᠪᠠᠶᠢᠭᠤᠯᠬᠤ ᠠᠴᠢ ᠬᠣᠯᠪᠤᠭᠳᠠᠯ ᠲᠠᠢ ᠪᠠᠶᠢᠨ᠎ᠠ᠃

ᠴᠠᠭᠠᠰᠢᠳᠠ “ᠢ-ᠮᠣᠩᠭᠤᠯ ᠠᠻᠠᠳ᠋ᠧᠮᠢ” ᠤᠲᠤᠭ ᠪᠣᠯᠤᠨ ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ ᠨᠢ ᠬᠠᠮᠲᠤᠷᠠᠭᠰᠠᠨ ᠰᠤᠷᠭᠠᠯᠲᠠ᠂ ᠮᠡᠳᠡᢉᠡᠯᠡᠯ ᠦ᠋ᠨ ᠲᠣᠭᠲᠠᠮᠠᠯ ᢈᠦᠷᢉᠡᢈᠦ ᠪᠡᠷ ᠲᠥᠯᠦᠪᠯᠡᠵᠦ ᠪᠠᠶᠢᠭ᠎ᠠ ᠪᠥᢉᠡᠳ ᠡᠨᠡ ᠨᠢ ᠢᠷᢉᠡᠳ ᠲᠦ ᠡᠷᠡᢉᠦᠯ ᠮᠡᠨᠳᠦ ᠶ᠋ᠢᠨ ᠦᠢᠯᠡᠴᠢᠯᠡᢉᠡ ᠢᠯᠡᢉᠦᠦ ᠢᠯᠡ ᠲᠣᠳᠤ᠂ ᢈᠦᠷᠲᠡᢉᠡᠮᠵᠢᠲᠡᠢ ᠪᠣᠯᠬᠤ ᠴᠢᠬᠤᠯᠠ ᠠᠯᠬᠤᠮ ᠶᠤᠮ᠃

ᠮᠥᠨ ᠡᠷᠡᢉᠦᠯ ᠮᠡᠨᠳᠦ ᠶ᠋ᠢᠨ ᠰᠠᠯᠪᠤᠷᠢ ᠶ᠋ᠢᠨ ᠴᠠᢈᠢᠮ ᠰᠢᠨᠡᠴᠢᠯᠡᠯ ᠢ᠋ ᠳᠡᠮᠵᠢᢉᠰᠡᠨ᠂ ᠲᠣᠭᠲᠠᠪᠤᠷᠢᠲᠠᠢ᠂ ᠢᠷᢉᠡᠳ ᠲᠦ ᠡᢉᠡᠯᠢᠲᠡᠢ᠂ ᢈᠦᠷᠲᠡᢉᠡᠮᠵᠢ ᠲᠡᠢ ᠪᠠᠶᠢᠬᠤ ᠲᠠᠯ᠎ᠠ ᠳᠡᢉᠡᠷ᠎ᠡ ᠢᠯᠡᢉᠦᠦ ᠠᠩᠬᠠᠷᠴᠤ ᠪᠠᠶᠢᠭ᠎ᠠ ᠪᠠᠷ ᠢ᠋ᠶᠠᠨ ᠳᠠᠪᠠᠭᠤ ᠲᠠᠯᠠᠲᠠᠢ᠃

ᠨᠡᠶᠢᠲᠡᠯᠡᠭᠰᠡᠨ᠄