E-Mongolia ᠰᠢᠰᠲ᠋ᠧᠮ ᠢ᠋ᠶᠡᠷ ᠳᠠᠮᠵᠢᠭᠤᠯᠤᠨ ᠠᠷᢈᠢᠸ ᠤ᠋ᠨ ᠑᠑ ᠲᠥᠷᠦᠯ ᠦ᠋ᠨ ᠦᠢᠯᠡᠴᠢᠯᠡᢉᠡ ᠶ᠋ᠢ ᠴᠠᢈᠢᠮ ᠢ᠋ᠶᠠᠷ ᠠᠪᠬᠤ ᠪᠣᠯᠤᠮᠵᠢ ᠲᠠᠢ


ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠴᠠᢈᠢᠮ ᠰᠢᠰᠲ᠋ᠧᠮ E-Mongolia-ᠳ ᠠᠷᢈᠢᠸ ᠤ᠋ᠨ ᠶᠡᠷᠦᠩᢈᠡᠢ ᠭᠠᠵᠠᠷ ᠠ᠋ᠴᠠ ᠢᠷᢉᠡᠳ ᠲᠦ ᠦᠵᠡᢉᠦᠯᠳᠡᢉ ᠯᠠᠪᠯᠠᠭ᠎ᠠ᠂ᠲᠣᠳᠤᠷᠬᠠᠶᠢᠯᠠᠯᠲᠠ ᠶ᠋ᠢᠨ ᠑᠑ ᠲᠥᠷᠦᠯ ᠦ᠋ᠨ ᠦᠢᠯᠡᠴᠢᠯᠡᢉᠡ ᠴᠠᢈᠢᠮᠵᠢᠭᠰᠠᠨ ᠢ᠋ᠶᠠᠷ ᠢᠷᢉᠡᠳ ᠠᠯᠢ ᠴᠤ ᠭᠠᠵᠠᠷ ᠠ᠋ᠴᠠ᠂ ᢈᠡᠵᠢᠶ᠎ᠡ ᠴᠤ ᠴᠠᢈᠢᠮ ᠢ᠋ᠶᠠᠷ ᠠᠪᠬᠤ ᠪᠣᠯᠤᠮᠵᠢ ᠲᠠᠢ ᠪᠣᠯᠤᠭᠰᠠᠨ ᠪᠠᠶᠢᠨ᠎ᠠ᠃

ᠣᠳᠤ ᠶ᠋ᠢᠨ ᠪᠠᠶᠢᠳᠠᠯ ᠢ᠋ᠶᠠᠷ E-Mongolia ᠰᠢᠰᠲ᠋ᠧᠮ ᠳ᠋ᠦ ᠘᠘ ᠪᠠᠶᠢᠭᠤᠯᠤᠯᠭ᠎ᠠ ᠶ᠋ᠢᠨ ᠑᠒᠖᠔ ᠲᠥᠷᠦᠯ ᠦ᠋ᠨ ᠦᠢᠯᠡᠴᠢᠯᠡᢉᠡ ᠪᠠᠭᠲᠠᠭᠰᠠᠨ ᠪᠥᢉᠡᠳ ᠲᠥᠷᠦ ᠶ᠋ᠢᠨ ᠦᠢᠯᠡᠴᠢᠯᠡᢉᠡ ᠶ᠋ᠢ ᠴᠠᢈᠢᠮᠵᠢᠭᠤᠯᠬᠤ᠂ ᢈᠦᠷᠲᠡᢉᠡᠮᠵᠢ ᠶ᠋ᠢ ᠨᠡᠮᠡᢉᠳᠡᢉᠦᠯᢈᠦ ᠠᠵᠢᠯ ᠢ᠋ ᠱᠠᠲᠤ ᠳᠠᠷᠠᠭᠠᠲᠠᠢ ᠪᠠᠷ ᠦᠷᢉᠦᠯᠵᠢᠯᠡᢉᠦᠯᠵᠦ ᠪᠠᠶᠢᠨ᠎ᠠ᠃

ᠢᠷᢉᠡᠳ ᠡᠮᠦᠨ᠎ᠡ ᠨᠢ ᠠᠷᢈᠢᠸ ᠤ᠋ᠨ ᠲᠣᠳᠤᠷᠬᠠᠶᠢᠯᠠᠯᠲᠠ ᠯᠠᠪᠯᠠᠭ᠎ᠠ᠂ ᠪᠢᠴᠢᢉ ᠪᠠᠷᠢᠮᠲᠠ ᠠᠪᠬᠤ ᠶ᠋ᠢᠨ ᠲᠤᠯᠠᠳᠠ ᠠᠷᢈᠢᠸ ᠤ᠋ᠨ ᠶᠡᠷᠦᠩᢈᠡᠢ ᠭᠠᠵᠠᠷ ᠲᠤ ᠪᠡᠶᠡᠴᠢᠯᠡᠨ ᠣᠴᠢᠵᠤ᠂ ᠣᠯᠠᠨ ᠱᠠᠲᠤ ᠳᠠᠮᠵᠢᠯᠭ᠎ᠠ᠂ ᠴᠠᠭ ᠬᠤᠭᠤᠴᠠᠭ᠎ᠠ ᠵᠠᠷᠤᠴᠠᠭᠤᠯᠳᠠᠭ ᠪᠠᠶᠢᠭᠰᠠᠨ ᠪᠣᠯ ᠴᠠᢈᠢᠮ ᠰᠢᠯᠵᠢᠯᠲᠡ ᠶ᠋ᠢᠨ ᠦᠷ᠎ᠡ ᠳ᠋ᠦᠩ ᠳ᠋ᠦ ᠤᠬᠠᠭᠠᠯᠢᠭ ᠤᠲᠠᠰᠤ᠂ ᠻᠣᠮᠫᠢᠶᠦᠲ᠋ᠧᠷ ᠡᠴᠡ ᢈᠡᠳᠦᢈᠡᠨ ᠬᠣᠷᠤᠮ ᠤ᠋ᠨ ᠳᠣᠲᠤᠷ᠎ᠠ ᠠᠪᠬᠤ ᠪᠣᠯᠤᠮᠵᠢ ᠪᠦᠷᠢᠳᠦᢉᠰᠡᠨ᠃

ᠠᠷᢈᠢᠸ ᠲᠠᠢ ᠬᠣᠯᠪᠤᠭ᠎ᠠ ᠲᠠᠢ ᠴᠠᢈᠢᠮ ᠢ᠋ᠶᠠᠷ ᠠᠪᠬᠤ ᠪᠣᠯᠤᠮᠵᠢ ᠲᠠᠢ ᠑᠑ ᠦᠶᠢᠯᠡᠴᠢᠯᠡᢉᠡ:

  1. ᠪᠠᠩᠻᠢ᠂ ᠰᠠᠩᢈᠦᠦ ᠶ᠋ᠢᠨ ᠪᠠᠷᠢᠮᠲᠠ ᠶ᠋ᠢᠨ ᠯᠠᠪᠯᠠᠭ᠎ᠠ
  2. ᠪᠣᠯᠪᠠᠰᠤᠷᠠᠯ ᠤ᠋ᠨ ᠯᠠᠪᠯᠠᠭ᠎ᠠ
  3. ᠪᠤᠰᠤᠳ ᠯᠠᠪᠯᠠᠭ᠎ᠠ᠂ ᠲᠣᠳᠤᠷᠬᠠᠶᠢᠯᠠᠯᠲᠠ
  4. ᠵᠠᢈᠢᠷᠤᠮᠵᠢᠯᠠᠯ ᠤ᠋ᠨ ᠪᠠᠷᠢᠮᠲᠠ ᠪᠢᠴᠢᢉ ᠦ᠋ᠨ ᠯᠠᠪᠯᠠᠭ᠎ᠠ
  5. ᠮᠠᠯ ᠲᠣᠭᠠᠯᠠᠯᠭ᠎ᠠ ᠶ᠋ᠢᠨ ᠪᠦᠷᠢᠳᢈᠡᠯ ᠦ᠋ᠨ ᠪᠠᠷᠢᠮᠲᠠ
  6. ᠨᠣᠲ᠋ᠠᠷᠢᠶᠠᠲ ᠤ᠋ᠨ ᠪᠠᠷᠢᠮᠲᠠ ᠶ᠋ᠢᠨ ᠯᠠᠪᠯᠠᠭ᠎ᠠ
  7. ᠥᠮᠴᠢ ᠬᠤᠪᠢᠴᠢᠯᠠᠯ ᠲᠠᠢ ᠬᠣᠯᠪᠤᠭ᠎ᠠ ᠲᠠᠢ ᠪᠠᠷᠢᠮᠲᠠ ᠶ᠋ᠢᠨ ᠯᠠᠪᠯᠠᠭ᠎ᠠ
  8. ᢈᠥᠳᠡᠯᠮᠦᠷᠢ ᠡᠷᢈᠢᠯᠡᠯᠲᠡ ᠶ᠋ᠢᠨ ᠯᠠᠪᠯᠠᠭ᠎ᠠ
  9. ᠴᠠᠯᠢᠩ ᠤ᠋ᠨ ᠪᠠᠷᠢᠮᠲᠠ ᠶ᠋ᠢᠨ ᠯᠠᠪᠯᠠᠭ᠎ᠠ
  10. ᠱᠠᠩᠨᠠᠯ ᠤ᠋ᠨ ᠯᠠᠪᠯᠠᠭ᠎ᠠ
  11. ᠰᠢᢉᠦᢈᠦ ᠶ᠋ᠢᠨ ᠪᠠᠷᠢᠮᠲᠠ ᠶ᠋ᠢᠨ ᠯᠠᠪᠯᠠᠭ᠎ᠠ

ᠠᠷᢈᠢᠸ ᠤ᠋ᠨ ᠶᠡᠷᠦᠩᢈᠡᠢ ᠭᠠᠵᠠᠷ ᠠ᠋ᠴᠠ ᠣᠯᠭᠤᠳᠠᠭ ᠡᠳᠡᢉᠡᠷ ᠯᠠᠪᠯᠠᠭ᠎ᠠ᠂ ᠲᠣᠳᠤᠷᠬᠠᠶᠢᠯᠠᠯᠲᠠ ᠨᠤᠭᠤᠳ ᠨᠢ ᠲᠡᠦᢈᠡᠨ ᠪᠣᠯᠤᠨ ᠡᠷᢈᠡ ᠵᠦᠢ ᠶ᠋ᠢᠨ ᢈᠦᠴᠦᠨ ᠲᠡᠢ᠂ᠠᠯᠪᠠᠨ ᠶᠣᠰᠤᠨ ᠤ᠋ ᠪᠠᠷᠢᠮᠲᠠ ᠲᠤᠯᠠ ᠲᠡᠳᢈᠦᠪᠦᠷᠢ ᠲᠣᠭᠲᠠᠭᠠᠯᠭᠠᠬᠤ᠂ ᠰᠢᢉᠦᢈᠦ ᠶ᠋ᠢᠨ ᢈᠡᠷᠡᢉ ᠲᠦ ᠨᠣᠲᠠᠯᠠᠭ᠎ᠠ ᠪᠣᠯᠭᠠᠬᠤ᠂ ᠪᠣᠯᠪᠠᠰᠤᠷᠠᠯ ᠤ᠋ᠨ ᠪᠠᠲᠤᠯᠠᠭ᠎ᠠ ᠭᠠᠷᠭᠠᠬᠤ᠂ ᠥᠮᠴᠢ ᠶ᠋ᠢᠨ ᠪᠠᠷᠢᠮᠲᠠ ᠪᠠᠲᠤᠯᠠᠬᠤ ᠵᠡᠷᢉᠡ ᠣᠯᠠᠨ ᠴᠢᠬᠤᠯᠠ ᢈᠡᠷᠡᢉᠴᠡᢉᠡᠨ ᠳ᠋ᠦ ᠱᠠᠭᠠᠷᠳᠠᠯᠭ᠎ᠠ ᠲᠠᠢ ᠪᠠᠶᠢᠳᠠᠭ᠃

ᠴᠠᢈᠢᠮ ᢈᠡᠯᠪᠡᠷᠢ ᠳ᠋ᠦ ᠰᠢᠯᠵᠢᢉᠰᠡᠨ ᠢ᠋ᠶᠡᠷ ᠢᠷᢉᠡᠳ ᠵᠥᠪᢈᠡᠨ ᠥᠪᠡᠷ ᠦ᠋ᠨ ᠤᠲᠠᠰᠤ ᠪᠠᠷ ᠳᠠᠮᠵᠢᠭᠤᠯᠤᠨ ᢈᠦᠰᠡᢉᠰᠡᠨ ᠯᠠᠪᠯᠠᠭ᠎ᠠ ᠪᠠᠨ ᢈᠡᠳᠦᢈᠡᠨ ᠲᠣᠪᠴᠢ ᠳᠠᠷᠤᠵᠤ ᠠᠪᠳᠠᠭ ᠪᠣᠯᠤᠭᠰᠠᠨ ᠢ᠋ᠶᠠᠷ ᠲᠥᠷᠦ ᠶ᠋ᠢᠨ ᠪᠠᠶᠢᠭᠤᠯᠤᠯᠭ᠎ᠠ ᠶ᠋ᠢᠨ ᢈᠦᠨᠳᠦ ᠰᠤᠷᠲᠠᠯ ᠢ᠋ ᠪᠠᠭᠤᠷᠠᠭᠤᠯᠬᠤ᠂ᠢᠷᢉᠡᠨ ᠲᠥᠷᠦ ᠶ᠋ᠢᠨ ᠬᠠᠷᠢᠯᠴᠠᠭ᠎ᠠ ᠶ᠋ᠢ ᢈᠢᠯᠪᠠᠷᠴᠢᠯᠠᠬᠤ᠂ ᠴᠠᠭᠠᠰᠤᠨ ᢈᠡᠷᠡᢉᠯᠡᢉᠡ ᠶ᠋ᠢ ᠪᠠᠭᠠᠰᠬᠠᠬᠤ᠂ ᠪᠠᠶᠢᠭᠤᠯᠤᠯᠭ᠎ᠠ ᠬᠣᠭᠤᠷᠤᠨᠳᠤ ᠶ᠋ᠢᠨ ᠮᠡᠳᠡᢉᠡᠯᠡᠯ ᠰᠣᠯᠢᠯᠴᠠᠭ᠎ᠠ ᠶ᠋ᠢ ᠴᠠᢈᠢᠮ ᢈᠡᠯᠪᠡᠷᠢ ᠳ᠋ᠦ ᠪᠦᠷᠢᠨ ᠰᠢᠯᠵᠢᢉᠦᠯᢈᠦ ᠨᠥᢈᠦᠴᠡᠯ ᠪᠦᠷᠢᠳᠴᠦ ᠪᠠᠶᠢᠨ᠎ᠠ᠃

ᠴᠠᠭᠠᠰᠢᠳᠠ “ᠢ-ᠮᠣᠩᠭᠤᠯ ᠠᠻᠠᠳ᠋ᠧᠮᠢ” ᠤᠲᠤᠭ ᠪᠣᠯᠤᠨ ᠠᠷᢈᠢᠸ ᠤ᠋ᠨ ᠶᠡᠷᠦᠩᢈᠡᠢ ᠭᠠᠵᠠᠷ ᠬᠠᠮᠲᠤᠷᠠᠨ ᠠᠵᠢᠯᠯᠠᠵᠤ᠂ᠠᠯᠤᠰᠯᠠᠭᠳᠠᠭᠰᠠᠨ ᠠᠶᠢᠮᠠᠭ᠂ ᠰᠤᠮᠤ᠂ ᠳᠡᢉᠦᠷᢉᠡ ᠶ᠋ᠢᠨ ᠢᠷᢉᠡᠳ ᠲᠦ ᠵᠣᠷᠢᠭᠤᠯᠤᠭᠰᠠᠨ ᠰᠤᠷᠭᠠᠯᠲᠠ᠂ ᠮᠡᠳᠡᢉᠡᠯᠡᠯ᠂ ᠰᠤᠷᠲᠠᠯᠴᠢᠯᠠᠭ᠎ᠠ ᠶ᠋ᠢ ᠣᠯᠠᠨ ᠲᠠᠯᠠᠲᠤ ᠰᠤᠪᠠᠭ ᠢ᠋ᠶᠠᠷ ᢈᠦᠷᢈᠡᢈᠦ ᠪᠡᠷ ᠲᠥᠯᠦᠪᠯᠡᠵᠦ᠂ ᠲᠥᠷᠦ ᠶ᠋ᠢᠨ ᠦᠢᠯᠡᠴᠢᠯᠡᢉᠡ ᠶ᠋ᠢ ᠢᠯᠡᢉᠦᠦ ᢈᠦᠷᠲᠡᢉᠡᠮᠵᠢ ᠲᠡᠢ ᠪᠣᠯᠭᠠᠬᠤ ᠳ᠋ᠤ ᠠᠩᠬᠠᠷᠴᠤ ᠠᠵᠢᠯᠯᠠᠵᠤ ᠪᠠᠶᠢᠨ᠎ᠠ᠃

ᠨᠡᠶᠢᠲᠡᠯᠡᠭᠰᠡᠨ᠄