“ᠢ-ᠮᠣᠩᠭᠤᠯ ᠠᠻᠠᠳ᠋ᠧᠮᠢ” ᠤᠲᠤᠭ ᠪᠣᠯᠤᠨ ᠰᠣᠩᢉᠢᠨᠠᠬᠠᠶᠢᠷᠬᠠᠨ ᠳᠡᢉᠦᠷᢉᠡ ᠶ᠋ᠢᠨ ᠵᠠᠰᠠᠭ ᠳᠠᠷᠤᠭ᠎ᠠ ᠶ᠋ᠢᠨ ᠲᠠᠮᠠᠭ᠎ᠠ ᠶ᠋ᠢᠨ ᠭᠠᠵᠠᠷ ᠬᠠᠮᠲᠤᠷᠠᠵᠤ ᠠᠵᠢᠯᠯᠠᠨ᠎ᠠ


“ᠢ-ᠮᠣᠩᠭᠤᠯ ᠠᠻᠠᠳ᠋ᠧᠮᠢ” ᠤᠲᠤᠭ ᠨᠢ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭ᠎ᠠ ᠨᠤᠭᠤᠳ ᠤ᠋ᠨ ᠬᠠᠮᠲᠤ ᠶ᠋ᠢᠨ ᠦᠢᠯᠡ ᠠᠵᠢᠯᠯᠠᠭ᠎ᠠ ᠶ᠋ᠢ ᠪᠡᢈᠢᠵᠢᢉᠦᠯᢈᠦ᠂ ᠦᠢᠯᠡᠴᠢᠯᠡᢉᠡᠨ ᠦ᠋ ᢈᠦᠷᠲᠡᢉᠡᠮᠵᠢ ᢈᠢᠯᠪᠠᠷ ᠪᠠᠶᠢᠳᠠᠯ ᠢ᠋ ᠨᠡᠮᠡᢉᠳᠡᢉᠦᠯᢈᠦ᠂ ᠢᠷᢉᠡᠳ ᠣᠯᠠᠨ ᠨᠡᠶᠢᠲᠡ ᠶ᠋ᠢ ᠱᠠᠭᠠᠷᠳᠠᠯᠭᠠᠲᠠᠢ ᠮᠡᠳᠡᢉᠡᠯᠡᠯ ᠢ᠋ᠶᠡᠷ ᠲᠣᠭᠲᠠᠮᠠᠯ ᠬᠠᠩᠭᠠᠬᠤ ᠴᠢᢉᠯᠡᠯ ᠢ᠋ᠶᠡᠷ ᠱᠠᠲᠤ ᠳᠠᠷᠠᠭ᠎ᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ ᠪᠠᠶᠢᠨ᠎ᠠ᠃

ᠳᠡᢉᠡᠷᠡᢈᠢ ᠴᠢᢉᠯᠡᠯ ᠦ᠋ᠨ ᢈᠦᠷᠢᠶ ᠡᠨ ᠳ᠋ᠦ /᠒᠐᠒᠕᠂᠐᠕᠂᠒᠑/ ᠰᠣᠩᢉᠢᠨᠠᠬᠠᠶᠢᠷᠬᠠᠨ ᠳᠡᢉᠦᠷᢉᠡ ᠶ᠋ᠢᠨ ᠲᠠᠮᠠᠭ᠎ᠠ ᠶ᠋ᠢᠨ ᠭᠠᠵᠠᠷ ᠤ᠋ᠨ ᠤᠳᠤᠷᠢᠳᠤᠯᠭ᠎ᠠ ᠪᠣᠯᠤᠨ ᠬᠣᠯᠪᠤᠭᠳᠠᠬᠤ ᠮᠡᠷᢉᠡᠵᠢᠯᠲᠡᠨ ᠨᠦ᠋ᢉᠦᠳ ᠲᠡᠢ ᠠᠭᠤᠯᠵᠠᠯᠲᠠ ᠵᠣᢈᠢᠶᠠᠨ ᠪᠠᠶᠢᠭᠤᠯᠤᠯ᠎ᠠ᠃

ᠡᠨᠡ ᢈᠦ ᠠᠭᠤᠯᠵᠠᠯᠲᠠ ᠳ᠋ᠤ “ᠢ-ᠮᠣᠩᠭᠤᠯ ᠠᠻᠠᠳ᠋ᠧᠮᠢ” ᠤᠲᠤᠭ- ᠤ᠋ᠨ ᠰᠣᠩᠬᠤᠭ- ᠤ᠋ᠨ ᠳᠠᠷᠤᠭ᠎ᠠ ᠨᠠ‍᠂ᠲᠥᠷᠦᠪᠠᠲᠤ᠂ ᠮᠠᠷᠻᠧᠲ᠋ᠢᠩ ᠤ᠋ᠨ ᢈᠡᠯᠲᠡᠰ ᠦ᠋ᠨ ᠳᠠᠷᠤᠭ᠎ᠠ ᠬ‍᠂ ᠮᠥᠩᢈᠡᠲᠤᠯᠭ᠎ᠠ᠂ ᠰᠣᠩᢉᠢᠨᠠᠬᠠᠶᠢᠷᠬᠠᠨ ᠳᠡᢉᠦᠷᢉᠡ ᠶ᠋ᠢᠨ ᠵᠠᠰᠠᠭ ᠳᠠᠷᠤᠭ᠎ᠠ ᠶ᠋ᠢᠨ ᠲᠠᠮᠠᠭ᠎ᠠ ᠶ᠋ᠢᠨ ᠭᠠᠵᠠᠷ ᠤ᠋ᠨ ᠳᠠᠷᠤᠭ᠎ᠠ ᠵᠢ᠃  ᠪᠠᠲᠤ-ᠡᠷᠳᠡᠨᠢ ᠪᠣᠯᠤᠨ ᠬᠣᠯᠪᠤᠭᠳᠠᠬᠤ ᠠᠯᠪᠠᠨ ᠲᠤᠰᠢᠶᠠᠯᠲᠠᠨ ᠨᠤᠭᠤᠳ ᠣᠷᠤᠯᠴᠠᠵᠤ᠂ ᠲᠥᠷᠦ ᠶ᠋ᠢᠨ ᠦᠢᠯᠡᠴᠢᠯᠡᢉᠡ ᠶ᠋ᠢ᠂ ᠢᠷᢉᠡᠳ ᠲᠦ ᠰᠤᠷᠲᠠᠯᠴᠢᠯᠠᠬᠤ ᠰᠢᠭᠤᠷᠬᠠᠢ ᢈᠦᠷᢉᠡᢈᠦ᠂ ᠲᠥᠷᠦ ᠶ᠋ᠢᠨ ᠠᠯᠪᠠᠨ ᠬᠠᠭᠠᠭᠴᠢᠳ ᠤ᠋ᠨ ᠴᠠᢈᠢᠮ ᠤᠷ᠎ᠠ ᠴᠢᠳᠠᠪᠤᠷᠢ ᠶ᠋ᠢᠨ ᠴᠢᠳᠠᠪᢈᠢ ᠶ᠋ᠢ ᠳᠡᢉᠡᢉᠰᠢᠯᠡᢉᠦᠯᢈᠦ ᠲᠠᠯᠠᠭᠠᠷ ᠬᠠᠮᠲᠤᠷᠠᠨ ᠠᠵᠢᠯᠯᠠᠬᠤ ᠲᠠᠯᠠᠭᠠᠷ ᠰᠠᠨᠠᠯ ᠰᠣᠯᠢᠯᠴᠠᠯ᠎ᠠ᠃

ᠰᠣᠩᢉᠢᠨᠠᠬᠠᠶᠢᠷᠬᠠᠨ ᠳᠡᢉᠦᠷᢉᠡ ᠶ᠋ᠢᠨ ᠨᠠᠰᠤᠨ ᠳ᠋ᠤ ᢈᠦᠷᠦᢉᠰᠡᠨ ᠢᠷᢉᠡᠳ ᠦ᠋ᠨ ᠒᠐᠕᠂᠙᠙᠕ ᠢᠷᢉᠡᠨ /᠙᠐%/ ᠲᠥᠷᠦ ᠶ᠋ᠢᠨ ᠴᠠᢈᠢᠮ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠳ᠋ᠦ ᠪᠦᠷᠢᠳᢈᠡᠯ ᠲᠡᠢ ᠪᠠᠶᠢᠭ᠎ᠠ ᠪᠠ ᠗᠂᠘᠙᠘᠂᠓᠓᠓᠑ ᠤᠳᠠᠭ᠎ᠠ ᠢᠷᢉᠡᠳ ᠦᠢᠯᠡᠴᠢᠯᠡᢉᠡ ᠠᠪᠤᠭᠰᠠᠨ ᠨᠢ ᠴᠠᢈᠢᠮ ᠦᠢᠯᠡᠴᠢᠯᠡᢉᠡᠨ ᠦ᠋ ᢈᠡᠷᠡᢉᠴᠡᢉᠡ ᠡᠷᠢᠯᠲᠡ ᠲᠡᠢ ᠪᠠᠶᠢᠭ᠎ᠠ ᠶ᠋ᠢ ᠬᠠᠷᠠᠭᠤᠯᠵᠤ ᠪᠠᠶᠢᠨ᠎ᠠ᠃

ᠠᠭᠤᠯᠵᠠᠯᠲᠠ ᠶ᠋ᠢᠨ ᠦᠶ᠎ᠡ ᠪᠡᠷ ᠰᠣᠩᢉᠢᠨᠠᠬᠠᠶᠢᠷᠬᠠᠨ ᠳᠡᢉᠦᠷᢉᠡ ᠶ᠋ᠢᠨ ᠵᠠᠰᠠᠭ ᠳᠠᠷᠤᠭ᠎ᠠ ᠶ᠋ᠢᠨ ᠲᠠᠮᠠᠭ᠎ᠠ ᠶ᠋ᠢᠨ ᠭᠠᠵᠠᠷ ᠤ᠋ᠨ ᠳᠠᠷᠤᠭ᠎ᠠ ᠵᠢ᠃  ᠪᠠᠲᠤ-ᠡᠷᠳᠡᠨᠢ ᠴᠠᢈᠢᠮ ᠦᠢᠯᠡᠴᠢᠯᠡᢉᠡᠨ ᠦ᠋ ᢈᠦᠷᠲᠡᢉᠡᠮᠵᠢ ᠶ᠋ᠢ ᠨᠡᠮᠡᢉᠳᠡᢉᠦᠯᢈᠦ᠂ ᠢᠷᢉᠡᠳ ᠲᠦ ᠮᠡᠳᠡᢉᠡᠯᠡᠯ ᠢ᠋ ᠢᠯᠡᢉᠦᠦ ᠰᠢᠭᠤᠷᠬᠠᠢ᠂ ᠣᠶᠢᠯᠠᠭᠠᠮᠵᠢᠲᠠᠢ ᢈᠦᠷᢈᠡᢈᠦ ᠠᠵᠢᠯ ᠢ᠋ ᠳᠡᠮᠵᠢᠵᠦ᠂ “ᠢ-ᠮᠣᠩᠭᠤᠯ ᠠᠻᠠᠳ᠋ᠧᠮᠢ” ᠤᠲᠤᠭ-ᠲᠠᠢ ᠴᠠᠭᠠᠰᠢᠳᠠ ᠢᠯᠡᢉᠦᠦ ᠥᠷᢉᠡᠨ ᢈᠦᠷᠢᠶᠡᠨ ᠳ᠋ᠦ ᠬᠠᠮᠲᠤᠷᠠᠨ ᠠᠵᠢᠯᠯᠠᠬᠤ ᠳ᠋ᠤ ᠲᠠᠭᠠᠲᠠᠢ ᠪᠠᠶᠢᠭ᠎ᠠ ᠪᠠᠨ ᠢᠯᠡᠷᢈᠡᠶᠢᠯᠡᠯ᠎ᠡ᠃

ᠨᠡᠶᠢᠲᠡᠯᠡᠭᠰᠡᠨ᠄