ᠮᠣᠩᠭᠤᠯ ᠤ᠋ᠨ ᠦᠨᠳᠦᠰᠦᠨ ᠦ᠋ ᠫᠷᠤᠭᠷᠠᠮᠮᠴᠢᠯᠠᠯ ᠤ᠋ᠨ XV ᠣᠯᠢᠮᠫᠢᠶᠠᠳ ᠠᠮᠵᠢᠯᠲᠠᠲᠠᠢ ᠵᠣᢈᠢᠶᠠᠨ ᠪᠠᠶᠢᠭᠤᠯᠤᠭᠳᠠᠯ᠎ᠠ


ᠮᠣᠩᠭᠣᠯ ᠤᠯᠤᠰ ᠲᠤ ᠮᠡᠳᠡᢉᠡᠯᠡᠯ ᠦ᠋ᠨ ᠲᠧᠻᠨᠣᠯᠣᢉᠢ᠂ ᠫᠷᠣᢉᠷᠠᠮᠮ ᠬᠠᠩᠭᠠᠮᠵᠢ ᠶ᠋ᠢᠨ ᠰᠠᠯᠪᠤᠷᠢ ᠶ᠋ᠢᠨ ᠵᠠᠯᠠᠭᠤ ᠮᠡᠷᢉᠡᠵᠢᠯᠲᠡᠨ ᠨᠦ᠋ᢉᠦᠳ ᠦ᠋ᠨ ᠤᠷ᠎ᠠ ᠴᠢᠳᠠᠪᠤᠷᠢ᠂ ᠠᠪᠢᠶᠠᠰ ᠢ᠋ ᠰᠣᠷᠢᠳᠠᠭ᠂ ᠤᠯᠤᠰ ᠤ᠋ᠨ ᢈᠡᠮᠵᠢᠶᠡᠨ ᠦ᠋ ᠬᠠᠮᠤᠭ ᠤ᠋ᠨ ᠨᠡᠷ᠎ᠡ ᢈᠦᠨᠳᠦ ᠲᠡᠢ ᠲᠡᠮᠡᠴᠡᢉᠡᠨ ᠪᠣᠯᠬᠤ ᠮᠣᠩᠭᠣᠯ ᠤ᠋ᠨ ᠦᠨᠳᠦᠰᠦᠨ ᠦ᠋ ᠫᠷᠤᠭᠷᠠᠮᠮᠴᠢᠯᠠᠯ ᠤ᠋ᠨ XV ᠣᠯᠢᠮᠫᠢᠶᠠᠳ ᠡᠨᠡ ᠣᠨ ᠤ᠋ ᠲᠠᠪᠤᠳᠤᠭᠠᠷ ᠰᠠᠷ᠎ᠠ ᠶ᠋ᠢᠨ ᠑᠗-ᠨᠣᠣᠰᠤ ᠑᠙- ᠦ᠋ ᠡᠳᠦᠷ ᠦ᠋ᠳ ᠲᠦ ᠠᠮᠵᠢᠯᠲᠠ ᠲᠠᠢ ᠪᠣᠯᠵᠤ ᠥᠨᠳᠦᠷᠯᠡᠯ᠎ᠡ᠃

ᠴᠠᢈᠢᠮ ᢈᠥᢉᠵᠢᠯ᠂ ᠢᠨ᠋᠊ᠨᠣᠸᠠᠼ᠂ ᠬᠠᠷᠢᠯᠴᠠᠭ᠎ᠠ ᠬᠣᠯᠪᠤᠭᠠᠨ ᠤ᠋ ᠶᠠᠮᠤᠨ᠂ “ᠢ-ᠮᠣᠩᠭᠤᠯ ᠠᠻᠠᠳ᠋ᠧᠮᠢ” ᠤᠲᠤᠭ ᠬᠠᠮᠲᠤᠷᠠᠨ ᠲᠤᠰ ᠣᠯᠢᠮᠫᠢᠶᠠᠳ᠋ ᠤ᠋ᠨ ᠵᠣᢈᠢᠶᠠᠨ ᠪᠠᠶᠢᠭᠤᠯᠤᠭᠴᠢ ᠪᠠᠷ ᠣᠷᠤᠯᠴᠠᠨ᠂ ᠲᠡᠮᠡᠴᠡᢉᠡᠨ ᠦ᠋ ᠴᠠᠷ ᢈᠦᠷᠢᠶ᠎ᠡ ᠶ᠋ᠢ ᠥᠷᢉᠡᠵᠢᢉᠦᠯᠵᠦ᠂ ᠪᠣᠳᠤᠯᠭ᠎ᠠ ᠶ᠋ᠢᠨ ᠲᠦᠪᠰᠢᠨ ᠦ᠋ ᠳᠡᠮᠵᠢᠯᢉᠡ ᠦᠵᠡᢉᠦᠯᠦᠯ᠎ᠡ᠃

ᠣᠯᠢᠮᠫᠢᠶᠠᠳ᠋ ᠤ᠋ᠨ ᠬᠠᠭᠠᠯᠲᠠ ᠶ᠋ᠢᠨ ᠦᠢᠯᠡ ᠠᠵᠢᠯᠯᠠᠭᠠᠨ ᠳ᠋ᠤ ᠴᠠᢈᠢᠮ ᢈᠥᢉᠵᠢᠯ᠂ ᠢᠨ᠋᠊ᠨᠣᠸᠠᠼ᠂ ᠬᠠᠷᠢᠯᠴᠠᠭ᠎ᠠ ᠬᠣᠯᠪᠤᠭᠠᠨ ᠤ᠋ ᠶᠠᠮᠤᠨ ᠤ᠋ ᠲᠥᠷᠦ ᠶ᠋ᠢᠨ ᠨᠠᠷᠢᠨ ᠪᠢᠴᠢᢉ ᠦ᠋ᠨ ᠳᠠᠷᠤᠭ᠎ᠠ ᠫ᠃  ᠠᠯᠲᠠᠨ-ᠣᠳᠤ ᠣᠷᠤᠯᠴᠠᠵᠤ᠂ ᠲᠡᠮᠡᠴᠡᢉᠡᠨ ᠳ᠋ᠦ ᠣᠷᠤᠯᠴᠠᠭᠴᠢ ᠣᠶᠤᠲᠠᠨ ᠨᠤᠭᠤᠳ᠂ ᠪᠠᠭᠰᠢ ᠳᠠᠰᠬᠠᠯᠵᠢᠭᠤᠯᠤᠭᠴᠢᠳ᠂ ᠵᠣᢈᠢᠶᠠᠨ ᠪᠠᠶᠢᠭᠤᠯᠤᠭᠴᠢᠳ ᠪᠣᠯᠤᠨ ᠢᠪᠡᢉᠡᠨ ᠲᠡᠳᢈᠦᢉᠴᠢ ᠪᠠᠶᠢᠭᠤᠯᠤᠯᠭ᠎ᠠ ᠨᠤᠭᠤᠳ ᠤ᠋ᠨ ᠲᠥᠯᠦᢉᠡᠯᠡᠯ ᠲᠡᠢ ᠠᠭᠤᠯᠵᠠᠨ: “ᠮᠣᠩᠭᠣᠯ ᠤ᠋ᠨ ᠦᠨᠳᠦᠰᠦᠨ ᠦ᠋ ᠫᠷᠣᠭᠷᠠᠮᠮᠴᠢᠯᠠᠯ ᠤ᠋ᠨ ᠣᠯᠢᠮᠫᠢᠶᠠᠳ᠋ ᠲᠤ ᠣᠷᠤᠯᠴᠠᠭᠰᠠᠨ ᠣᠶᠤᠲᠠᠨ ᠨᠤᠭᠤᠳ ᠰᠡᢉᠦᠯ ᠦ᠋ᠨ ᠵᠢᠯ ᠦ᠋ᠳ ᠲᠦ ᠣᠯᠠᠨ ᠤᠯᠤᠰ ᠤ᠋ᠨ ᠪᠤᠶᠤ ᠠᠽᠢ ᠶ᠋ᠢᠨ ᠪᠦᠰᠡ ᠶ᠋ᠢᠨ ᠲᠡᠮᠡᠴᠡᢉᠡᠨ ᠨᠦ᠋ᢉᠦᠳ ᠲᠦ ᠠᠮᠵᠢᠯᠲᠠᠲᠠᠢ ᠣᠷᠤᠯᠴᠠᠵᠤ᠂ ᠮᠧᠳᠠᠯ ᢈᠦᠷᠲᠡᠵᠦ ᠪᠤᠢ ᠨᠢ ᠮᠠᠨ ᠤ᠋ ᠤᠯᠤᠰ ᠤ᠋ᠨ ᠮᠡᠳᠡᢉᠡᠯᠡᠯ ᠦ᠋ᠨ ᠲᠧᠻᠨᠣᠯᠣᢉᠢ ᠶ᠋ᠢᠨ ᠰᠠᠯᠪᠤᠷᠢ ᠳ᠋ᠤ ᠥᠨᠳᠦᠷ ᠫᠣᠲ᠋ᠧᠨᠼᠢᠠᠯ ᠪᠦᢈᠦᠢ ᢈᠦᠮᠦᠨ ᠦ᠋ ᠨᠥᢉᠡᠴᠡ ᠲᠠᠰᠤᠷᠠᠯᠲᠠ ᠦᢉᠡᠢ ᠪᠦᠷᠢᠯᠳᠦᠨ ᠪᠤᠢ ᠪᠣᠯᠵᠤ ᠪᠠᠶᠢᠭ᠎ᠠ ᠶ᠋ᠢᠨ ᠢᠯᠡᠷᢈᠡᠶᠢᠯᠡᠯ ᠶᠤᠮ᠃  ᠴᠠᠭᠠᠰᠢᠳᠠ ‘ᠴᠠᢈᠢᠮ ᠦᠨᠳᠦᠰᠦᠲᠡᠨ’ ᠪᠣᠯᠬᠤ ᠲᠥᠷᠦ ᠶ᠋ᠢᠨ ᠪᠣᠳᠤᠯᠭ᠎ᠠ ᠶ᠋ᠢ ᢈᠡᠷᠡᢉᠵᠢᢉᠦᠯᢈᠦ ᠳ᠋ᠦ ᠲᠧᠻᠨᠣᠯᠣᢉᠢ ᠶ᠋ᠢᠨ ᠴᠢᠳᠠᠪᠤᠷᠢᠯᠢᠭ ᠪᠣᠯᠪᠠᠰᠤᠨ ᢈᠦᠴᠦᠨ ᠵᠠᠶᠢᠯᠠᠰᠢ ᠦᢉᠡᠢ ᠱᠠᠭᠠᠷᠳᠠᠯᠭᠠᠲᠠᠢ ᠲᠤᠯᠠ ᠮᠡᠳᠡᢉᠡᠯᠡᠯ ᠲᠧᠻᠨᠣᠯᠣᢉᠢ ᠶ᠋ᠢᠨ ᠰᠠᠯᠪᠤᠷᠢ ᠶ᠋ᠢᠨ ᠣᠯᠢᠮᠫᠢᠶᠠᠳ᠂ ᢈᠥᠲᠦᠯᠪᠦᠷᠢ ᠨᠦ᠋ᢉᠦᠳ ᠢ᠋ ᠶᠠᠮᠤᠨ ᠠ᠋ᠴᠠ ᠲᠤᠭᠤᠰᠢᠲᠠᠢ ᠳᠡᠮᠵᠢᠨ ᠠᠵᠢᠯᠯᠠᠨ᠎ᠠ᠃ ” ᢈᠡᠮᠡᠨ ᠣᠨᠴᠠᠯᠠᠯ᠎ᠠ᠃

ᠣᠯᠢᠮᠫᠢᠶᠠᠳ᠋ ᠤ᠋ᠨ ᢈᠦᠷᠢᠶᠡᠨ ᠳ᠋ᠦ ᠤᠯᠤᠰ ᠤ᠋ᠨ ᢈᠡᠮᠵᠢᠶᠡᠨ ᠳ᠋ᠦ ᠮᠡᠳᠡᢉᠡᠯᠡᠯ ᠦ᠋ᠨ ᠲᠧᠻᠨᠣᠯᠣᢉᠢ᠂ ᠫᠷᠣᢉᠷᠠᠮᠮ ᠬᠠᠩᠭᠠᠮᠵᠢ ᠶ᠋ᠢᠨ ᠴᠢᢉᠯᠡᠯ ᠢ᠋ᠶᠡᠷ ᠰᠤᠷᠤᠯᠴᠠᠵᠤ ᠪᠤᠢ ᠰᠢᠯᠢᠳᠡᢉ ᠣᠶᠤᠲᠠᠨ ᠨᠤᠭᠤᠳ ᠠᠯᠭᠣᠷᠢᠲ᠋ᠮ᠂ ᠫᠷᠣᢉᠷᠠᠮᠮᠴᠢᠯᠠᠯ ᠤ᠋ᠨ ᠨᠠᠷᠢᠨ ᠪᠣᠳᠤᠯᠭ᠎ᠠ ᠨᠤᠭᠤᠳ ᠢ᠋ ᠪᠠᠭ ᠤ᠋ᠨ ᠵᠣᢈᠢᠶᠠᠨ ᠪᠠᠶᠢᠭᠤᠯᠤᠯᠲᠠ ᠲᠠᠢ ᠪᠠᠷ ᠰᠢᠢᠳᠪᠦᠷᠢᠯᠡᠵᠦ᠂ ᠮᠡᠳᠡᠯᢉᠡ᠂ ᠴᠢᠳᠠᠪᠤᠷᠢ ᠪᠠᠨ ᠪᠣᠳᠠᠲᠤ ᠪᠠᠷ ᠰᠣᠷᠢᠭᠰᠠᠨ ᠶᠠᠭᠤᠮ᠎ᠠ᠃  ᠡᠨᠡ ᠨᠢ ᠣᠶᠤᠲᠠᠨ ᠨᠤᠭᠤᠳ ᠤ᠋ᠨ ᠮᠡᠷᢉᠡᠵᠢᠯ ᠦ᠋ᠨ ᢈᠥᢉᠵᠢᠯ ᠳ᠋ᠦ ᠦᠨᠡᠲᠡᠢ ᠲᠤᠷᠰᠢᠯᠭ᠎ᠠ ᠪᠣᠯᠵᠤ᠂ ᠣᠯᠠᠨ ᠤᠯᠤᠰ ᠤ᠋ᠨ ᠲᠡᠮᠡᠴᠡᢉᠡᠨ ᠨᠦ᠋ᢉᠦᠳ ᠲᠦ ᠣᠷᠤᠯᠴᠠᠬᠤ ᠭᠠᠷᠤᠭᠠᠨ ᠤ᠋ ᠡᢈᠢᠯᠡᠯ ᠪᠣᠯᠵᠤ ᠪᠠᠶᠢᠨ᠎ᠠ᠃

ᠨᠡᠶᠢᠲᠡᠯᠡᠭᠰᠡᠨ᠄