ᠲᠡᢉᠡᢉᠡᠪᠦᠷᠢ ᠶ᠋ᠢᠨ ᢈᠡᠷᠡᢉᠰᠡᠯ ᠦ᠋ᠨ ᠲᠠᠲᠠᠪᠤᠷᠢ ᠪᠠᠨ ᠴᠠᢈᠢᠮ ᠢ᠋ᠶᠠᠷ ᠲᠥᠯᠦᠵᠦ᠂ ᠴᠠᠭ ᠵᠠᠪ ᠢ᠋ᠶᠠᠨ ᢈᠡᠮᠨᠡᢉᠡᠷᠡᠢ᠃ ᠒᠐᠒᠕ ᠣᠨ ᠠ᠋ᠴᠠ ᠡᢈᠢᠯᠡᠨ ᠲᠠᠲᠠᠪᠤᠷᠢ ᠶ᠋ᠢᠨ ᠰᠢᠨᠡ ᠵᠣᢈᠢᠴᠠᠭᠤᠯᠤᠯᠲᠠ ᠮᠥᠷᠳᠡᢉᠳᠡᠵᠦ ᠪᠠᠶᠢᠭᠠ ᠪᠥᢉᠡᠳ ᠨᠡᠶᠢᠰᠯᠡᠯ ᠦ᠋ᠨ ᢈᠡᠮᠵᠢᠶᠡᠨ ᠳ᠋ᠦ ᠪᠦᠷᠢᠳᢈᠡᠯ ᠲᠡᠢ ᠗᠑᠘᠂᠐᠐᠐ ᠲᠡᢉᠡᢉᠡᠪᠦᠷᠢ ᠶ᠋ᠢᠨ ᢈᠡᠷᠡᢉᠰᠡᠯ ᠡᠴᠡ ᠒᠒᠘᠂᠗᠑᠐ ᠨᠢ ᠲᠠᠲᠠᠪᠤᠷᠢ ᠪᠠᠨ ᠲᠥᠯᠦᢉᠡᠳ ᠪᠠᠶᠢᠨᠠ᠃ ᠡᠨᠡ ᠨᠢ ᠨᠡᠶᠢᠲᠡ ᠲᠥᠯᠦᠪᠦᠷᠢ ᠶ᠋ᠢᠨ ᢉᠦᠢᠴᠡᠳᢈᠡᠯ ᠔᠐ ᠭᠠᠷᠤᠢ ᠬᠤᠪᠢ ᢈᠦᠷᠦᢉᠡᠳ ᠪᠤᠢ ᠶ᠋ᠢ ᠬᠠᠷᠠᠭᠤᠯᠵᠤ ᠪᠠᠶᠢᠨᠠ᠃ ᠬᠠᠷᠢᠨ ᠣᠳᠤ ᠪᠠᠷ ᠑᠐᠐᠂᠐᠐᠐ ᠭᠠᠷᠤᠢ ᠢᠷᢉᠡᠨ ᠲᠠᠲᠠᠪᠤᠷᠢ ᠪᠠᠨ ᠲᠥᠯᠦᢉᠡ ᠦᢉᠡᠢ ᠪᠠᠶᠢᠨᠠ᠃
E-Mongolia-ᠭᠠᠭᠠᠷ ᢈᠡᠷᢈᠢᠨ ᠲᠠᠲᠠᠪᠤᠷᠢ ᠲᠥᠯᠦᢈᠦ ᠪᠤᠢ?
- E-Mongolia ᠰᠢᠰᠲ᠋ᠧᠮ ᠳ᠋ᠦ ᠥᠪᠡᠷ ᠦ᠋ᠨ ᠪᠦᠷᠢᠳᢈᠡᠯ ᠢ᠋ᠶᠡᠷ ᠨᠡᠪᠲᠡᠷᠡᢈᠦ;
- ᠦᠶᠢᠯᠡᠴᠢᠯᠡᢉᠡ ᠨᠦ᠋ᢉᠦᠳ ᢈᠡᠰᠡᢉ ᠡᠴᠡ “ᠲᠠᠲᠠᠪᠤᠷᠢ ᠲᠥᠯᠦᢈᠦ” ᠦᠶᠢᠯᠡᠴᠢᠯᠡᢉᠡ ᠶ᠋ᠢ ᠰᠣᠩᠭᠤᠨᠠ;
ᠲᠡᢉᠡᢉᠡᠪᠦᠷᠢ ᠶ᠋ᠢᠨ ᢈᠡᠷᠡᢉᠰᠡᠯ ᠦ᠋ᠨ ᠮᠡᠳᠡᢉᠡᠯᠡᠯ ᠢ᠋ᠶᠡᠨ ᠰᠢᠯᠭᠠᠭᠰᠠᠨ ᠤ᠋ ᠳᠠᠷᠠᠭᠠ᠂ ᠲᠠᠲᠠᠪᠤᠷᠢ ᠪᠠᠨ ᠴᠠᢈᠢᠮ ᠢ᠋ᠶᠠᠷ ᠲᠥᠯᠦᠨᠡ᠃
ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ᠂ “ᠢ-ᠮᠣᠩᠭᠤᠯ ᠠᠻᠠᠳ᠋ᠧᠮᠢ” ᠤᠲᠤᠭ ᠵᠣᠷᠢᠯᠲᠠᠲᠤ ᠪᠦᠯᠦᢉ ᠦ᠋ᠨ ᢈᠡᠷᠡᢉᠯᠡᢉᠴᠢᠳ ᠲᠦ ᠢᠯᠡᢉᠦᠦ ᢈᠦᠷᠴᠦ ᠠᠵᠢᠯᠯᠠᠨᠠ᠃ “ᠢ-ᠮᠣᠩᠭᠤᠯ ᠠᠻᠠᠳ᠋ᠧᠮᠢ” ᠤᠲᠤᠭ᠂ ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ ᠬᠠᠮᠲᠤᠷᠠᠨ ᠵᠣᠷᠢᠯᠲᠠᠲᠤ ᠪᠦᠯᠦᢉ ᠦ᠋ᠨ ᠢᠷᢉᠡᠳ ᠲᠦ ᠵᠣᠷᠢᠭᠤᠯᠤᠭᠰᠠᠨ ᠡᠷᠡᢉᠦᠯ ᠮᠡᠨᠳᠦ ᠶ᠋ᠢᠨ ᠴᠠᢈᠢᠮ ᠦᠢᠯᠡᠴᠢᠯᠡᢉᠡ ᠶ᠋ᠢ ᠥᠷᢉᠡᠵᠢᢉᠦᠯᠵᠦ᠂ ᢈᠦᠷᠲᠡᢉᠡᠮᠵᠢ ᠶ᠋ᠢ ᠨᠡᠮᠡᢉᠳᠡᢉᠦᠯᢈᠦ ᠴᠢᢉᠯᠡᠯ ᠢ᠋ᠶᠡᠷ ᠠᠭᠤᠯᠵᠠᠯᠲᠠ ᠵᠣᢈᠢᠶᠠᠨ ᠪᠠᠶᠢᠭᠤᠯᠤᠯᠠ᠃ ᠡᠨᠡ ᠨᠢ ᠵᠥᠪᢈᠡᠨ ᠦᠢᠯᠡᠴᠢᠯᠡᢉᠡᠨ ᠦ᠋ ᢈᠦᠷᠲᠡᢉᠡᠮᠵᠢ ᠶ᠋ᠢ ᠨᠡᠮᠡᢈᠦ ᠲᠡᠳᠦᠢ ᠦᢉᠡᠢ᠂ ᠢᠷᢉᠡᠳ ᠦ᠋ᠨ ᠴᠠᠭ ᠬᠤᠭᠤᠴᠠᠭᠠ᠂ ᠵᠠᠷᠤᠳᠠᠯ ᠢ᠋ ᢈᠡᠮᠨᠡᢉᠰᠡᠨ ᠪᠣᠳᠠᠲᠤ ᠠᠯᠬᠤᠮ ᠪᠣᠯᠵᠤ ᠪᠠᠶᠢᠭᠠ ᠪᠢᠯᠡ᠃
ᠣᠳᠤ ᠶ᠋ᠢᠨ ᠪᠠᠶᠢᠳᠠᠯ ᠢ᠋ᠶᠠᠷ ᠡᠷᠡᢉᠦᠯ ᠮᠡᠨᠳᠦ ᠶ᠋ᠢᠨ ᢈᠥᢉᠵᠢᠯ ᠦ᠋ᠨ ᠲᠥᠪ ᠦ᠋ᠨ ᠴᠠᢈᠢᠮ ᠓ ᠦᠶᠢᠯᠡᠴᠢᠯᠡᢉᠡ ᠶ᠋ᠢ E-Mongolia ᠰᠢᠰᠲ᠋ᠧᠮ ᠢ᠋ᠶᠡᠷ ᠳᠠᠮᠵᠢᠭᠤᠯᠤᠨ:
- ᠡᠮᠨᠡᠯᢉᠡ ᠶ᠋ᠢᠨ ᠮᠡᠷᢉᠡᠵᠢᠯᠲᠡᠨ ᠦ᠋ ᠮᠡᠷᢉᠡᠵᠢᠯ ᠦ᠋ᠨ ᠦᠶᠢᠯᠡ ᠠᠵᠢᠯᠯᠠᠭᠠ ᠡᠷᢈᠢᠯᠡᢈᠦ ᠵᠥᠪᠰᠢᠶᠡᠷᠡᠯ ᠦ᠋ᠨ ᠯᠠᠪᠯᠠᠭᠠ – ᠖᠒᠔ ᠤᠳᠠᠭᠠ;
- ᠡᠷᠡᢉᠦᠯ ᠮᠡᠨᠳᠦ ᠶ᠋ᠢᠨ ᠠᠵᠢᠯᠲᠠᠨ ᠤ᠋ ᠮᠡᠷᢉᠡᠰᠢᠯ ᠦ᠋ᠨ ᠵᠡᠷᢉᠡ ᠶ᠋ᠢᠨ ᠯᠠᠪᠯᠠᠭᠠ – ᠙᠔᠘᠘ ᠤᠳᠠᠭᠠ;
ᠳᠣᠨᠤᠷ ᠤ᠋ᠨ ᠵᠥᠪᠰᠢᠶᠡᠷᠡᠯ ᠦ᠋ᠨ ᢈᠦᠰᠡᠯᠲᠡ – ᠔᠓᠒᠕ ᠠᠪᠤᠭᠰᠠᠨ ᠪᠠᠶᠢᠨᠠ᠃
E-Mongolia ᠰᠢᠰᠲ᠋ᠧᠮ ᠢ᠋ᠶᠡᠷ ᠳᠠᠮᠵᠢᠭᠤᠯᠤᠨ ᠠᠷᢈᠢᠸ ᠤ᠋ᠨ ᠑᠑ ᠲᠥᠷᠦᠯ ᠦ᠋ᠨ ᠦᠢᠯᠡᠴᠢᠯᠡᢉᠡ ᠶ᠋ᠢ ᠴᠠᢈᠢᠮ ᠢ᠋ᠶᠠᠷ ᠠᠪᠬᠤ ᠪᠣᠯᠤᠮᠵᠢ ᠲᠠᠢ᠃ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ ᠴᠠᢈᠢᠮ ᠰᠢᠰᠲ᠋ᠧᠮ E-Mongolia-ᠳ ᠠᠷᢈᠢᠸ ᠤ᠋ᠨ ᠶᠡᠷᠦᠩᢈᠡᠢ ᠭᠠᠵᠠᠷ ᠠ᠋ᠴᠠ ᠢᠷᢉᠡᠳ ᠲᠦ ᠦᠵᠡᢉᠦᠯᠳᠡᢉ ᠯᠠᠪᠯᠠᠭᠠ᠂ᠲᠣᠳᠤᠷᠬᠠᠶᠢᠯᠠᠯᠲᠠ ᠶ᠋ᠢᠨ ᠑᠑ ᠲᠥᠷᠦᠯ ᠦ᠋ᠨ ᠦᠢᠯᠡᠴᠢᠯᠡᢉᠡ ᠴᠠᢈᠢᠮᠵᠢᠭᠰᠠᠨ ᠢ᠋ᠶᠠᠷ ᠢᠷᢉᠡᠳ ᠠᠯᠢ ᠴᠤ ᠭᠠᠵᠠᠷ ᠠ᠋ᠴᠠ᠂ ᢈᠡᠵᠢᠶᠡ ᠴᠤ ᠴᠠᢈᠢᠮ ᠢ᠋ᠶᠠᠷ ᠠᠪᠬᠤ ᠪᠣᠯᠤᠮᠵᠢ ᠲᠠᠢ ᠪᠣᠯᠤᠭᠰᠠᠨ ᠪᠠᠶᠢᠨᠠ᠃ ᠢᠷᢉᠡᠳ ᠡᠮᠦᠨᠡ ᠨᠢ ᠠᠷᢈᠢᠸ ᠤ᠋ᠨ ᠲᠣᠳᠤᠷᠬᠠᠶᠢᠯᠠᠯᠲᠠ ᠯᠠᠪᠯᠠᠭᠠ᠂ ᠪᠢᠴᠢᢉ ᠪᠠᠷᠢᠮᠲᠠ ᠠᠪᠬᠤ ᠶ᠋ᠢᠨ ᠲᠤᠯᠠᠳᠠ ᠠᠷᢈᠢᠸ ᠤ᠋ᠨ ᠶᠡᠷᠦᠩᢈᠡᠢ ᠭᠠᠵᠠᠷ ᠲᠤ ᠪᠡᠶᠡᠴᠢᠯᠡᠨ ᠣᠴᠢᠵᠤ᠂ ᠣᠯᠠᠨ ᠱᠠᠲᠤ ᠳᠠᠮᠵᠢᠯᠭᠠ᠂ ᠴᠠᠭ ᠬᠤᠭᠤᠴᠠᠭᠠ ᠵᠠᠷᠤᠴᠠᠭᠤᠯᠳᠠᠭ ᠪᠠᠶᠢᠭᠰᠠᠨ ᠪᠣᠯ ᠴᠠᢈᠢᠮ ᠰᠢᠯᠵᠢᠯᠲᠡ ᠶ᠋ᠢᠨ ᠦᠷᠡ ᠳ᠋ᠦᠩ ᠳ᠋ᠦ ᠤᠬᠠᠭᠠᠯᠢᠭ ᠤᠲᠠᠰᠤ᠂ ᠻᠣᠮᠫᠢᠶᠦᠲ᠋ᠧᠷ ᠡᠴᠡ ᢈᠡᠳᠦᢈᠡᠨ ᠬᠣᠷᠤᠮ ᠤ᠋ᠨ ᠳᠣᠲᠤᠷᠠ ᠠᠪᠬᠤ ᠪᠣᠯᠤᠮᠵᠢ ᠪᠦᠷᠢᠳᠦᢉᠰᠡᠨ᠃
E-Mongolia ᠰᠢᠰᠲ᠋ᠧᠮ ᠢ᠋ᠶᠡᠷ ᠳᠠᠮᠵᠢᠭᠤᠯᠤᠨ ᠡᠷᠡᢉᠦᠯ ᠮᠡᠨᠳᠦ ᠶ᠋ᠢᠨ ᠪᠦᢈᠦᠢ ᠯᠠ ᠲᠥᠷᠦᠯ ᠦ᠋ᠨ ᠦᠢᠯᠡᠴᠢᠯᠡᢉᠡ ᠶ᠋ᠢ ᠴᠠᢈᠢᠮ ᠢ᠋ᠶᠠᠷ ᠠᠪᠬᠤ ᠪᠣᠯᠤᠮᠵᠢ ᠲᠠᠢ᠃ ᠲᠥᠷᠦ ᠶ᠋ᠢᠨ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠢ᠋ᠶᠡᠷ ᠳᠠᠮᠵᠢᠭᠤᠯᠤᠨ ᠡᠷᠡᢉᠦᠯ ᠮᠡᠨᠳᠦ ᠶ᠋ᠢᠨ ᠶᠠᠮᠤᠨ ᠠ᠋ᠴᠠ ᠦᠵᠡᢉᠦᠯᠳᠡᢉ ᠨᠡᠶᠢᠲᠡ ᠒᠒ ᠲᠥᠷᠦᠯ ᠦ᠋ᠨ ᠦᠢᠯᠡᠴᠢᠯᠡᢉᠡ ᠴᠠᢈᠢᠮ ᢈᠡᠯᠪᠡᠷᠢ ᠳ᠋ᠦ ᠰᠢᠯᠵᠢᠵᠦ᠂ ᠢᠷᢉᠡᠳ ᠬᠠᠮᠢᠭᠠ ᠠ᠋ᠴᠠ ᠴᠤ ᠒᠔/᠗ ᠠᠪᠬᠤ ᠪᠣᠯᠤᠮᠵᠢᠲᠠᠢ ᠪᠣᠯᠤᠭᠰᠠᠨ᠃ ᠡᠮᠦᠨᠡ ᠨᠢ ᠢᠷᢉᠡᠳ ᠡᠮᠨᠡᠯᢉᠡ ᠳ᠋ᠦ ᠴᠠᠭ ᠠᠪᠬᠤ᠂ ᠰᠢᠨᠵᠢᠯᠡᢉᠡᠨ ᠦ᠋ ᠬᠠᠷᠢᠭᠤ ᠬᠠᠷᠠᠬᠤ᠂ ᠡᠮᠴᠢ ᠶ᠋ᠢᠨ ᠦᠵᠡᠯᢉᠡ ᠳ᠋ᠦ ᠪᠦᠷᠢᠳᢈᠡᢉᠦᠯᢈᠦ ᠵᠡᠷᢉᠡ ᠦᠢᠯᠡᠴᠢᠯᠡᢉᠡ ᠶ᠋ᠢ ᠵᠠᠪᠠᠯ ᠪᠡᠶᠡᠴᠢᠯᠡᠨ ᠣᠴᠢᠵᠤ ᠠᠪᠳᠠᠭ᠂ ᠡᠨᠡ ᠨᠢ ᠳᠠᠷᠠᠭᠠᠯᠠᠯ ᠡᢉᠦᠰᢈᠡᢈᠦ᠂ ᠴᠠᠭ ᠬᠤᠭᠤᠴᠠᠭᠠ ᠠᠯᠳᠠᠬᠤ ᠵᠡᠷᢉᠡ ᢈᠦᠨᠳᠦᠷᠡᠯ ᠳᠠᠭᠠᠭᠤᠯᠳᠠᠭ ᠪᠠᠶᠢᠭᠰᠠᠨ ᠪᠣᠯ ᠥᠨᠦᠳᠦᠷ ᠢᠷᢉᠡᠳ ᠪᠢᠳᠡ ᠪᠦᢈᠦᠨ ᠤᠬᠠᠭᠠᠯᠢᠭ ᠤᠲᠠᠰᠤ ᠡᠰᠡᠪᠡᠯ ᠻᠣᠮᠫᠢᠶᠦ᠋ᠲ᠋ᠧᠷ ᠡᠴᠡ ᢈᠡᠳᠦᢈᠡᠨ ᠬᠣᠷᠤᠮ ᠤ᠋ᠨ ᠳᠣᠲᠤᠷᠠ ᠡᠷᠡᢉᠦᠯ ᠮᠡᠨᠳᠦ ᠶ᠋ᠢᠨ ᠡᠷᠢᠯᠲᠡ ᠲᠡᠢ ᠦᠶᠢᠯᠡᠴᠢᠯᠡᢉᠡ ᠨᠦ᠋ᢉᠦᠳ ᠢ᠋ ᠠᠪᠬᠤ ᠪᠣᠯᠤᠮᠵᠢ ᠪᠦᠷᠢᠳᠦᢉᠰᠡᠨ᠃
ᠢ-ᠮᠣᠩᠭᠤᠯ ᠠᠻᠠᠳ᠋ᠧᠮᠢ” ᠤᠲᠤᠭ ᠪᠣᠯᠤᠨ ᠰᠣᠩᢉᠢᠨᠠᠬᠠᠶᠢᠷᠬᠠᠨ ᠳᠡᢉᠦᠷᢉᠡ ᠶ᠋ᠢᠨ ᠵᠠᠰᠠᠭ ᠳᠠᠷᠤᠭᠠ ᠶ᠋ᠢᠨ ᠲᠠᠮᠠᠭᠠ ᠶ᠋ᠢᠨ ᠭᠠᠵᠠᠷ ᠬᠠᠮᠲᠤᠷᠠᠵᠤ ᠠᠵᠢᠯᠯᠠᠨᠠ᠃ “ᠢ-ᠮᠣᠩᠭᠤᠯ ᠠᠻᠠᠳ᠋ᠧᠮᠢ” ᠤᠲᠤᠭ ᠨᠢ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭᠠ ᠨᠤᠭᠤᠳ ᠤ᠋ᠨ ᠬᠠᠮᠲᠤ ᠶ᠋ᠢᠨ ᠦᠢᠯᠡ ᠠᠵᠢᠯᠯᠠᠭᠠ ᠶ᠋ᠢ ᠪᠡᢈᠢᠵᠢᢉᠦᠯᢈᠦ᠂ ᠦᠢᠯᠡᠴᠢᠯᠡᢉᠡᠨ ᠦ᠋ ᢈᠦᠷᠲᠡᢉᠡᠮᠵᠢ ᢈᠢᠯᠪᠠᠷ ᠪᠠᠶᠢᠳᠠᠯ ᠢ᠋ ᠨᠡᠮᠡᢉᠳᠡᢉᠦᠯᢈᠦ᠂ ᠢᠷᢉᠡᠳ ᠣᠯᠠᠨ ᠨᠡᠶᠢᠲᠡ ᠶ᠋ᠢ ᠱᠠᠭᠠᠷᠳᠠᠯᠭᠠᠲᠠᠢ ᠮᠡᠳᠡᢉᠡᠯᠡᠯ ᠢ᠋ᠶᠡᠷ ᠲᠣᠭᠲᠠᠮᠠᠯ ᠬᠠᠩᠭᠠᠬᠤ ᠴᠢᢉᠯᠡᠯ ᠢ᠋ᠶᠡᠷ ᠱᠠᠲᠤ ᠳᠠᠷᠠᠭᠠ ᠲᠠᠢ ᠠᠭᠤᠯᠵᠠᠯᠲᠠ ᠨᠤᠭᠤᠳ ᠢ᠋ ᠵᠣᢈᠢᠶᠠᠨ ᠪᠠᠶᠢᠭᠤᠯᠵᠤ ᠪᠠᠶᠢᠨᠠ᠃ ᠳᠡᢉᠡᠷᠡᢈᠢ ᠴᠢᢉᠯᠡᠯ ᠦ᠋ᠨ ᢈᠦᠷᠢᠶ ᠡᠨ ᠳ᠋ᠦ /᠒᠐᠒᠕᠂᠐᠕᠂᠒᠑/ ᠰᠣᠩᢉᠢᠨᠠᠬᠠᠶᠢᠷᠬᠠᠨ ᠳᠡᢉᠦᠷᢉᠡ ᠶ᠋ᠢᠨ ᠲᠠᠮᠠᠭᠠ ᠶ᠋ᠢᠨ ᠭᠠᠵᠠᠷ ᠤ᠋ᠨ ᠤᠳᠤᠷᠢᠳᠤᠯᠭᠠ ᠪᠣᠯᠤᠨ ᠬᠣᠯᠪᠤᠭᠳᠠᠬᠤ ᠮᠡᠷᢉᠡᠵᠢᠯᠲᠡᠨ ᠨᠦ᠋ᢉᠦᠳ ᠲᠡᠢ ᠠᠭᠤᠯᠵᠠᠯᠲᠠ ᠵᠣᢈᠢᠶᠠᠨ ᠪᠠᠶᠢᠭᠤᠯᠤᠯᠠ᠃ ᠰᠣᠩᢉᠢᠨᠠᠬᠠᠶᠢᠷᠬᠠᠨ ᠳᠡᢉᠦᠷᢉᠡ ᠶ᠋ᠢᠨ ᠨᠠᠰᠤᠨ ᠳ᠋ᠤ ᢈᠦᠷᠦᢉᠰᠡᠨ ᠢᠷᢉᠡᠳ ᠦ᠋ᠨ ᠒᠐᠕᠂᠙᠙᠕ ᠢᠷᢉᠡᠨ /᠙᠐%/ ᠲᠥᠷᠦ ᠶ᠋ᠢᠨ ᠴᠠᢈᠢᠮ ᠦᠶᠢᠯᠡᠴᠢᠯᠡᢉᠡᠨ ᠦ᠋ ᠨᠢᢉᠡᠳᠦᢉᠰᠡᠨ E-Mongolia ᠰᠢᠰᠲ᠋ᠧᠮ ᠳ᠋ᠦ ᠪᠦᠷᠢᠳᢈᠡᠯ ᠲᠡᠢ ᠪᠠᠶᠢᠭᠠ ᠪᠠ ᠗᠂᠘᠙᠘᠂᠓᠓᠓᠑ ᠤᠳᠠᠭᠠ ᠢᠷᢉᠡᠳ ᠦᠢᠯᠡᠴᠢᠯᠡᢉᠡ ᠠᠪᠤᠭᠰᠠᠨ ᠨᠢ ᠴᠠᢈᠢᠮ ᠦᠢᠯᠡᠴᠢᠯᠡᢉᠡᠨ ᠦ᠋ ᢈᠡᠷᠡᢉᠴᠡᢉᠡ ᠡᠷᠢᠯᠲᠡ ᠲᠡᠢ ᠪᠠᠶᠢᠭᠠ ᠶ᠋ᠢ ᠬᠠᠷᠠᠭᠤᠯᠵᠤ ᠪᠠᠶᠢᠨᠠ᠃
ᠮᠣᠩᠭᠤᠯ ᠤ᠋ᠨ ᠦᠨᠳᠦᠰᠦᠨ ᠦ᠋ ᠫᠷᠤᠭᠷᠠᠮᠮᠴᠢᠯᠠᠯ ᠤ᠋ᠨ XV ᠣᠯᠢᠮᠫᠢᠶᠠᠳ ᠠᠮᠵᠢᠯᠲᠠᠲᠠᠢ ᠵᠣᢈᠢᠶᠠᠨ ᠪᠠᠶᠢᠭᠤᠯᠤᠭᠳᠠᠯᠠ᠃ ᠮᠣᠩᠭᠣᠯ ᠤᠯᠤᠰ ᠲᠤ ᠮᠡᠳᠡᢉᠡᠯᠡᠯ ᠦ᠋ᠨ ᠲᠧᠻᠨᠣᠯᠣᢉᠢ᠂ ᠫᠷᠣᢉᠷᠠᠮᠮ ᠬᠠᠩᠭᠠᠮᠵᠢ ᠶ᠋ᠢᠨ ᠰᠠᠯᠪᠤᠷᠢ ᠶ᠋ᠢᠨ ᠵᠠᠯᠠᠭᠤ ᠮᠡᠷᢉᠡᠵᠢᠯᠲᠡᠨ ᠨᠦ᠋ᢉᠦᠳ ᠦ᠋ᠨ ᠤᠷᠠ ᠴᠢᠳᠠᠪᠤᠷᠢ᠂ ᠠᠪᠢᠶᠠᠰ ᠢ᠋ ᠰᠣᠷᠢᠳᠠᠭ᠂ ᠤᠯᠤᠰ ᠤ᠋ᠨ ᢈᠡᠮᠵᠢᠶᠡᠨ ᠦ᠋ ᠬᠠᠮᠤᠭ ᠤ᠋ᠨ ᠨᠡᠷᠡ ᢈᠦᠨᠳᠦ ᠲᠡᠢ ᠲᠡᠮᠡᠴᠡᢉᠡᠨ ᠪᠣᠯᠬᠤ ᠮᠣᠩᠭᠣᠯ ᠤ᠋ᠨ ᠦᠨᠳᠦᠰᠦᠨ ᠦ᠋ ᠫᠷᠤᠭᠷᠠᠮᠮᠴᠢᠯᠠᠯ ᠤ᠋ᠨ XV ᠣᠯᠢᠮᠫᠢᠶᠠᠳ ᠡᠨᠡ ᠣᠨ ᠤ᠋ ᠲᠠᠪᠤᠳᠤᠭᠠᠷ ᠰᠠᠷᠠ ᠶ᠋ᠢᠨ ᠑᠗-ᠨᠣᠣᠰᠤ ᠑᠙- ᠦ᠋ ᠡᠳᠦᠷ ᠦ᠋ᠳ ᠲᠦ ᠠᠮᠵᠢᠯᠲᠠᠲᠠᠢ ᠪᠣᠯᠵᠤ ᠥᠨᠳᠦᠷᠯᠡᠯᠡ᠃ ᠴᠠᢈᠢᠮ ᢈᠥᢉᠵᠢᠯ᠂ ᠢᠨ᠋ ᠨ᠋ᠣᠸᠠᠼ᠂ ᠬᠠᠷᠢᠯᠴᠠᠭᠠ ᠬᠣᠯᠪᠤᠭᠠᠨ ᠤ᠋ ᠶᠠᠮᠤᠨ᠂ “ᠢ-ᠮᠣᠩᠭᠤᠯ ᠠᠻᠠᠳ᠋ᠧᠮᠢ” ᠤᠲᠤᠭ ᠬᠠᠮᠲᠤᠷᠠᠨ ᠲᠤᠰ ᠣᠯᠢᠮᠫᠢᠶᠠᠳ᠋ ᠤ᠋ᠨ ᠵᠣᢈᠢᠶᠠᠨ ᠪᠠᠶᠢᠭᠤᠯᠤᠭᠴᠢ ᠪᠠᠷ ᠣᠷᠤᠯᠴᠠᠨ᠂ ᠲᠡᠮᠡᠴᠡᢉᠡᠨ ᠦ᠋ ᠴᠠᠷ ᢈᠦᠷᠢᠶᠡ ᠶ᠋ᠢ ᠥᠷᢉᠡᠵᠢᢉᠦᠯᠵᠦ᠂ ᠪᠣᠳᠤᠯᠭᠠ ᠶ᠋ᠢᠨ ᠲᠦᠪᠰᠢᠨ ᠦ᠋ ᠳᠡᠮᠵᠢᠯᢉᠡ ᠦᠵᠡᢉᠦᠯᠦᠯᠡ᠃
“ᠦᠨᠳᠦᠰᠦᠨ ᠦ᠋ ᠪᠠᠶᠠᠯᠢᠭ ᠤ᠋ᠨ ᠰᠠᠩ”-ᢉᠡᠢ ᠶ᠋ᠢᠨ ᠰᠠᠨᠠᠯ ᠠᠰᠠᠭᠤᠯᠭᠠ ᠶᠠᠪᠤᠭᠳᠠᠵᠤ ᠳᠠᠭᠤᠰᠤᠯᠠ᠃ ᠮᠣᠩᠭᠣᠯ ᠤᠯᠤᠰ ᠤ᠋ᠨ ᠢᠷᢉᠡᠨ ᠥᠪᠡᠷ ᠦ᠋ᠨ ᠨᠡᠷᠡ ᠶ᠋ᠢᠨ ᠳᠠᠩᠰᠠ ᠳ᠋ᠤ ᠪᠠᠨ ᠨᠡᠮᠡᠯᠲᠡ ᠣᠷᠤᠯᠭᠠ ᠬᠤᠷᠠᠮᠲᠤᠯᠠᠭᠤᠯᠬᠤ ᢈᠦᠰᠡᠯᠲᠡᠢ ᠡᠰᠡᢈᠦ ᠰᠠᠨᠠᠯ ᠠᠰᠠᠭᠤᠯᠭᠠ ᠐᠕ ᠳ᠋ᠤᠭᠠᠷ ᠰᠠᠷᠠ ᠶ᠋ᠢᠨ ᠑᠒-ᠨᠣᠣᠰᠤ ᠕ ᠰᠠᠷᠠ ᠶ᠋ᠢᠨ ᠒᠓ ᠡᠳᠦᠷ ᠦ᠋ᠳ ᠲᠦ ᠶᠠᠪᠤᠭᠳᠠᠵᠤ ᠳᠠᠭᠤᠰᠤᠯᠠ᠃
“ᠢ-ᠮᠣᠩᠭᠤᠯ ᠠᠻᠠᠳ᠋ᠧᠮᠢ” ᠤᠲᠤᠭ- ᠤ᠋ᠨ ᠰᠣᠩᠬᠤᠭ- ᠤ᠋ᠨ ᠰᠤᠷᠭᠠᠯᠲᠠ ᠶ᠋ᠢᠨ ᢈᠡᠯᠲᠡᠰ ᠡᠴᠡ ᠢᠷᢉᠡᠳ ᠣᠯᠠᠨ ᠨᠡᠶᠢᠲᠡ ᠶ᠋ᠢᠨ ᠴᠠᢈᠢᠮ ᠤᠷᠠ ᠴᠢᠳᠠᠪᠤᠷᠢ ᠶ᠋ᠢ ᠳᠡᢉᠡᢉᠰᠢᠯᠡᢉᠦᠯᢈᠦ ᠰᠤᠷᠭᠠᠯᠲᠠ ᠶ᠋ᠢ ᠡᠳᠦᠷ ᠪᠦᠷᠢ ᠵᠣᢈᠢᠶᠠᠨ ᠪᠠᠶᠢᠭᠤᠯᠵᠤ ᠪᠠᠶᠢᠨᠠ᠃ ᠨᠡᠶᠢᠰᠯᠡᠯ ᠦ᠋ᠨ ᠵᠠᠰᠠᠭ ᠳᠠᠷᠤᠭᠠ ᠶ᠋ᠢᠨ ᠲᠠᠮᠠᠭᠠ ᠶ᠋ᠢᠨ ᠭᠠᠵᠠᠷ ᠵᠡᠷᢉᠡ ᠲᠥᠷᠦ ᠶ᠋ᠢᠨ ᠪᠠᠶᠢᠭᠤᠯᠤᠯᠭᠠ ᠨᠤᠭᠤᠳ ᠲᠠᠢ ᠬᠠᠮᠲᠤᠷᠠᠨ ᠒ ᠤᠳᠠᠭᠠ ᠶ᠋ᠢᠨ ᠓ ᠴᠠᠭ ᠤ᠋ᠨ ᠰᠤᠷᠭᠠᠯᠲᠠ ᠪᠠᠷ ᠨᠡᠶᠢᠲᠡ ᠑᠕᠒ ᠲᠥᠷᠦ ᠶ᠋ᠢᠨ ᠠᠯᠪᠠᠨ ᠬᠠᠭᠠᠭᠴᠢᠳ ᠲᠤ ᠴᠠᢈᠢᠮ ᠤᠷᠠ ᠴᠢᠳᠠᠪᠤᠷᠢ ᠶ᠋ᠢ ᠳᠡᢉᠡᢉᠰᠢᠯᠡᢉᠦᠯᢈᠦ ᠵᠣᠷᠢᠯᠭᠠ ᠪᠠᠷ ᠲᠥᠷᠦ ᠶ᠋ᠢᠨ ᠪᠠᠶᠢᠭᠤᠯᠤᠯᠭᠠ ᠨᠤᠭᠤᠳ ᠤ᠋ᠨ ᠳᠣᠲᠤᠭᠠᠳᠤ ᠦᠶᠢᠯᠡ ᠠᠵᠢᠯᠯᠠᠭᠠᠨ ᠤ᠋ ᠤᠳᠤᠷᠢᠳᠤᠯᠭᠠ ᠶ᠋ᠢᠨ ᠨᠢᢉᠡᠳᠦᢉᠰᠡᠨ ᠰᠢᠰᠲ᠋ᠧᠮ ERP-EMONGOLIA᠂ᠤ᠂ ᠹ᠂᠂ ᠴᠠᢈᠢᠮ ᠵᠠᠰᠠᠭᠯᠠᠯ᠂ ᠮᠡᠳᠡᢉᠡᠯᠡᠯ ᠦ᠋ᠨ ᠠᠶᠤᠯ ᠦᢉᠡᠢ ᠪᠠᠶᠢᠳᠠᠯ ᢉᠡᠰᠡᠨ ᠠᠭᠤᠯᠭᠠ ᠪᠠᠷ ᠲᠠᠩᢈᠢᠮ ᠤ᠋ᠨ ᠰᠤᠷᠭᠠᠯᠲᠠ ᠶ᠋ᠢ ᠵᠣᢈᠢᠶᠠᠨ ᠪᠠᠶᠢᠭᠤᠯᠤᠯᠠ᠃