“ᠢ-ᠮᠣᠩᠭᠤᠯ ᠠᠻᠠᠳ᠋ᠧᠮᠢ” ᠤᠲᠤᠭ ᠨᠢ ᠭᠠᠳᠠᠭᠠᠳᠤ ᠶ᠋ᠢᠨ ᠢᠷᢉᠡᠨ ᠬᠠᠷᠢᠶᠠᠲᠤ ᠶ᠋ᠢᠨ ᠭᠠᠵᠠᠷ ᠤ᠋ᠨ ᠨᠡᠶᠢᠲᠡ ᠑᠐ ᠦᠢᠯᠡᠴᠢᠯᠡᢉᠡ ᠶ᠋ᠢ ᠴᠠᢈᠢᠮᠵᠢᠭᠤᠯᠵᠤ ᠮᠣᠩᠭᠣᠯ ᠤᠯᠤᠰ ᠲᠤ ᠣᠷᠤᠰᠢᠨ ᠰᠠᠭᠤᠭᠠ ᠭᠠᠳᠠᠭᠠᠳᠤ ᠢᠷᢉᠡᠳ ᠦ᠋ᠨ ᢈᠡᠷᠡᢉᠴᠡᢉᠡ ᠱᠠᠭᠠᠷᠳᠠᠯᠭᠠ ᠳ᠋ᠤ ᠨᠡᠶᠢᠴᠡᢉᠰᠡᠨ ᠴᠠᢈᠢᠮ ᠦᠢᠯᠡᠴᠢᠯᠡᢉᠡ ᠶ᠋ᠢ ᠦᠵᠡᢉᠦᠯᠵᠦ᠂ ᢈᠦᠷᠲᠡᢉᠡᠮᠵᠢᠲᠡᠢ ᠪᠠᠶᠢᠳᠠᠯ ᠢ᠋ ᠨᠢ ᠰᠠᠶᠢᠵᠢᠷᠠᠭᠤᠯᠤᠨ ᠭᠠᠳᠠᠭᠠᠳᠤ ᠢᠷᢉᠡᠳ ᠲᠦ ᠢᠯᠡᢉᠦᠦ ᠣᠶᠢᠷᠠ᠂ ᠰᠢᠭᠤᠷᠬᠠᠢ ᠪᠠᠶᠢᠬᠤ ᠲᠠᠯᠠ ᠳᠡᢉᠡᠷᠡ ᠠᠩᠬᠠᠷᠴᠤ ᠢᠷᠡᢉᠰᠡᠨ ᠪᠢᠯᠡ᠃
ᠭᠠᠳᠠᠭᠠᠳᠤ ᠶ᠋ᠢᠨ ᠢᠷᢉᠡᠨ ᠬᠠᠷᠢᠶᠠᠲᠤ ᠶ᠋ᠢᠨ ᠭᠠᠵᠠᠷ ᠠ᠋ᠴᠠ ᠠᠪᠳᠠᠭ ᠦᠶᠢᠯᠡᠴᠢᠯᠡᢉᠡ ᠨᠦ᠋ᢉᠦᠳ E-Mongolia ᠰᠢᠰᠲ᠋ᠧᠮ ᠳ᠋ᠦ ᠴᠠᢈᠢᠮᠵᠢᠭᠰᠠᠨ ᠢ᠋ᠶᠠᠷ ᠡᠳᠦᠷ ᠲᠦ ᠒᠔᠐-᠕᠒᠐ ᠢᠷᢉᠡᠨ ᠪᠡᠶᠡᠴᠢᠯᠡᠨ ᠣᠴᠢᠵᠤ ᠦᠢᠯᠡᠴᠢᠯᠡᢉᠦᠯᠳᠡᢉ ᠪᠠᠶᠢᠭᠰᠠᠨ ᠪᠣᠯ ᠕-᠘ ᠪᠣᠯᠲᠠᠯᠠ ᠪᠠᠨ ᠪᠠᠭᠤᠷᠠᠵᠤ᠂ ᠑᠐᠐-᠑᠕᠐ ᢈᠦᠰᠡᠯᠲᠡ ᠶ᠋ᠢ ᠤᠯᠠᠮᠵᠢᠯᠠᠯᠲᠠ ᠪᠠᠷ ᢈᠦᠯᠢᠶᠡᠨ ᠠᠪᠴᠤ ᠰᠢᠢᠳᠪᠦᠷᠢᠯᠡᠳᠡᢉ ᠪᠠᠶᠢᠭᠰᠠᠨ ᠪᠣᠯ ᠗᠐᠐-᠑᠑᠐᠐ ᢈᠦᠰᠡᠯᠲᠡ ᠶ᠋ᠢ ᠴᠠᢈᠢᠮ ᠢ᠋ᠶᠠᠷ ᢈᠦᠯᠢᠶᠡᠨ ᠠᠪᠳᠠᠭ ᠪᠣᠯᠵᠤ᠂ ᢈᠦᠰᠡᠯᠲᠡ ᠶ᠋ᠢ ᠕-᠑᠐ ᠬᠣᠨᠤᠭ ᠤ᠋ᠨ ᠳᠣᠲᠤᠷᠠ ᠰᠢᠢᠳᠳᠡᢉ ᠪᠠᠶᠢᠭᠰᠠᠨ ᠨᠢ ᠓ ᢈᠦᠷᠲᠡᠯᠡᢈᠢ ᠬᠣᠨᠤᠭ ᠲᠤ ᠰᠢᠢᠳᠪᠦᠷᠢᠯᠡᢈᠦ ᠪᠣᠯᠤᠮᠵᠢ ᠲᠠᠢ ᠪᠣᠯᠵᠤ ᠦᠷᠡ ᠳ᠋ᠦᠩ ᠢ᠋ᠶᠡᠨ ᠥᢉᠴᠦ ᠪᠠᠶᠢᠨᠠ᠃
ᢉᠡᠰᠡᠨ ᢈᠡᠳᠦᠢ ᠴᠤ ᠮᠡᠳᠡᢉᠡᠯᠡᠯ ᠦ᠋ᠨ ᢈᠦᠷᠲᠡᢉᠡᠮᠵᠢᠲᠡᠢ ᠪᠠᠶᠢᠳᠠᠯ ᠠ᠋ᠴᠠ ᠰᠢᠯᠲᠠᠭᠠᠯᠠᠨ ᠣᠳᠤ ᠶ᠋ᠢ ᢈᠦᠷᠲᠡᠯᠡ ᠭᠠᠳᠠᠭᠠᠳᠤ ᠢᠷᢉᠡᠳ ᠪᠡᠶᠡᠴᠢᠯᠡᠨ ᠣᠴᠢᠵᠤ ᠦᠢᠯᠡᠴᠢᠯᠡᢉᠡ ᠠᠪᠬᠤ ᠬᠠᠨᠳᠤᠯᠭᠠ ᠪᠠᠭᠠ ᠦᢉᠡᠢ ᠪᠠᠶᠢᠨᠠ᠃ ᠲᠡᠶᠢᠮᠦ ᠡᠴᠡ ᠴᠠᢈᠢᠮᠵᠢᠭᠰᠠᠨ ᠦᠢᠯᠡᠴᠢᠯᠡᢉᠡ ᠶ᠋ᠢ ᠭᠠᠳᠠᠭᠠᠳᠤ ᠢᠷᢉᠡᠳ ᠲᠦ ᠰᠤᠷᠲᠠᠯᠴᠢᠯᠠᠨ ᠲᠠᠨᠢᠭᠤᠯᠬᠤ᠂ ᠮᠡᠳᠡᢉᠡ ᠮᠡᠳᠡᢉᠡᠯᠡᠯ ᠢ᠋ ᠣᠯᠠᠨ ᠲᠠᠯᠠᠲᠤ ᠰᠤᠪᠠᠭ ᠢ᠋ᠶᠠᠷ ᠲᠦᢉᠡᢉᠡᢈᠦ᠂ ᢈᠦᠷᠲᠡᢉᠡᠮᠵᠢ ᠶ᠋ᠢ ᠨᠡᠮᠡᢉᠳᠡᢉᠦᠯᢈᠦ᠂ ᠤᠶᠠᠯᠳᠤᠭᠠ ᠶ᠋ᠢ ᠬᠠᠩᠭᠠᠬᠤ ᠲᠠᠯᠠ ᠳᠡᢉᠡᠷᠡ ᠢᠯᠡᢉᠦᠦ ᠠᠴᠢ ᠬᠣᠯᠪᠤᠭᠳᠠᠯ ᠥᢉᠴᠦ ᠠᠩᠬᠠᠷᠤᠨ ᠲᠥᠷᠦ ᠶ᠋ᠢᠨ ᠪᠠᠶᠢᠭᠤᠯᠤᠯᠭᠠ ᠨᠤᠭᠤᠳ ᠤ᠋ᠨ ᢈᠡᠪᠯᠡᠯ ᠮᠡᠳᠡᢉᠡᠯᠡᠯ ᠢ᠋ ᠬᠠᠷᠢᠭᠤᠴᠠᠭᠰᠠᠨ ᠤᠳᠤᠷᠢᠳᠤᠯᠭᠠ᠂ ᠠᠯᠪᠠ ᠬᠠᠭᠠᠭᠴᠢᠳ ᠲᠠᠢ ᠬᠠᠮᠲᠤᠷᠠᠭᠰᠠᠨ ᠠᠭᠤᠯᠵᠠᠯᠲᠠ ᠶ᠋ᠢ ᠱᠠᠲᠤ ᠳᠠᠷᠠᠭᠠ ᠲᠠᠢ ᠵᠣᢈᠢᠶᠠᠨ ᠪᠠᠶᠢᠭᠤᠯᠵᠤ ᠪᠠᠶᠢᠭᠠ ᠪᠢᠯᠡ᠃
ᠲᠤᠰ ᠠᠵᠢᠯ ᠤ᠋ᠨ ᢈᠦᠷᠢᠶ ᠡᠨ ᠳ᠋ᠦ ᠥᠨᠦᠳᠦᠷ “ᠢ-ᠮᠣᠩᠭᠤᠯ ᠠᠻᠠᠳ᠋ᠧᠮᠢ” ᠤᠲᠤᠭ- ᠤ᠋ᠨ ᠰᠣᠩᠬᠤᠭ᠂ ᠭᠠᠳᠠᠭᠠᠳᠤ ᠶ᠋ᠢᠨ ᠢᠷᢉᠡᠨ ᠬᠠᠷᠢᠶᠠᠲᠤ ᠶ᠋ᠢᠨ ᠭᠠᠵᠠᠷ ᠤ᠋ᠨ ᠬᠣᠯᠪᠤᠭᠳᠠᠬᠤ ᠮᠡᠷᢉᠡᠵᠢᠯᠲᠡᠨ ᠠᠯᠪᠠ ᠬᠠᠭᠠᠭᠴᠢ ᠳ᠋ᠤ ᠠᠭᠤᠯᠵᠠᠵᠤ ᠬᠠᠷᠢᠯᠴᠠᠨ ᠰᠠᠨᠠᠯ ᠰᠣᠯᠢᠯᠴᠠᠪᠠ᠃
ᠡᠨᠡ ᠨᠢ ᠵᠥᠪᢈᠡᠨ ᠲᠤᠬᠠᠢ ᠶ᠋ᠢᠨ ᠰᠠᠯᠪᠤᠷᠢ ᠶ᠋ᠢᠨ ᠴᠠᢈᠢᠮ ᠰᠢᠯᠵᠢᠯᠲᠡ ᠡᠴᠡ ᠭᠠᠳᠠᠨᠠ ᠮᠣᠩᠭᠣᠯ ᠤᠯᠤᠰ ᠢ᠋ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠬᠤ ᠥᢉᠡᠷᠡᠴᠢᠯᠡᠯᠲᠡ ᠶ᠋ᠢᠨ ᠲᠣᠮᠤᠬᠠᠨ ᠰᠲ᠋ᠷᠠᠲ᠋ᠧᢉᠢ ᠶ᠋ᠢᠨ ᠨᠢᢉᠡ ᢈᠡᠰᠡᢉ ᢉᠡᠵᠦ ᠦᠵᠡᠵᠦ ᠪᠣᠯᠬᠤ ᠪᠠᠷ ᠪᠠᠶᠢᠭᠠ ᠶᠤᠮ᠃ ᠴᠠᠭᠠᠰᠢᠳᠠ ᠲᠥᠷᠦ ᠶ᠋ᠢᠨ ᠪᠣᠯᠤᠨ ᠲᠥᠷᠦ ᠶ᠋ᠢᠨ ᠪᠤᠰᠤ ᠪᠠᠶᠢᠭᠤᠯᠤᠯᠭᠠ ᠨᠤᠭᠤᠳ ᠲᠠᠢ ᠬᠠᠮᠲᠤ ᠶ᠋ᠢᠨ ᠠᠵᠢᠯᠯᠠᠭᠠ ᠪᠠᠨ ᠨᠡᠮᠡᢉᠳᠡᢉᠦᠯᠦᠨ᠂ ᠴᠠᢈᠢᠮ ᠦᠢᠯᠡᠴᠢᠯᠡᢉᠡ ᠶ᠋ᠢ ᠢᠷᢉᠡᠳ ᠦ᠋ᠨ ᢈᠡᠷᠡᢉᠴᠡᢉᠡᠨ ᠳ᠋ᠦ ᠨᠡᠶᠢᠴᠡᢉᠰᠡᠨ ᠢᠯᠡᢉᠦᠦ ᢈᠦᠷᠲᠡᢉᠡᠮᠵᠢᠲᠡᠢ ᠪᠣᠯᠭᠠᠬᠤ ᠠᠵᠢᠯ ᠢ᠋ ᠱᠠᠲᠤ ᠳᠠᠷᠠᠭᠠᠲᠠᠢ ᠪᠠᠷ ᢈᠡᠷᠡᢉᠵᠢᢉᠦᠯᢈᠦ ᠪᠡᠷ ᠲᠥᠯᠦᠪᠯᠡᠵᠦ ᠪᠠᠶᠢᠭᠠ ᠪᠢᠯᠡ᠃
E-Mongolia ᠰᠢᠰᠲ᠋ᠧᠮ ᠳ᠋ᠦ ᠭᠠᠳᠠᠭᠠᠳᠤ ᠶ᠋ᠢᠨ ᠢᠷᢉᠡᠨ ᠬᠠᠷᠢᠶᠠᠲᠤ ᠶ᠋ᠢᠨ ᠭᠠᠵᠠᠷ ᠤ᠋ᠨ ᠴᠠᢈᠢᠮᠵᠢᠭᠰᠠᠨ ᠦᠶᠢᠯᠡᠴᠢᠯᠡᢉᠡ ᠨᠦ᠋ᢉᠦᠳ:
ᠭᠠᠳᠠᠭᠠᠳᠤ ᠢᠷᢉᠡᠨ ᠦ᠋ ᠣᠷᠤᠰᠢᠨ ᠰᠠᠭᠤᠬᠤ ᠵᠥᠪᠰᠢᠶᠡᠷᠡᠯ ᠦ᠋ᠨ ᠲᠣᠳᠤᠷᠬᠠᠶᠢᠯᠠᠯᠲᠠ |
ᠭᠠᠳᠠᠭᠠᠳᠤ ᠶ᠋ᠢᠨ ᠢᠷᢉᠡᠨ ᠣᠷᠤᠰᠢᠨ ᠰᠠᠭᠤᠬᠤ ᠵᠥᠪᠰᠢᠶᠡᠷᠡᠯ ᠲᠡᠢ ᠡᠰᠡᢈᠦ ᠲᠤᠬᠠᠢ ᠯᠠᠪᠯᠠᠭᠠ |
ᠭᠠᠳᠠᠭᠠᠳᠤ ᠶ᠋ᠢᠨ ᠢᠷᢉᠡᠨ᠂ ᠤᠷᠢᢉᠴᠢ ᠶ᠋ᠢᠨ ᠵᠥᠷᠢᠴᠡᠯ ᠭᠠᠷᠭᠠᠭᠰᠠᠨ ᠡᠰᠡᢈᠦ ᠲᠤᠬᠠᠢ ᠲᠣᠳᠤᠷᠬᠠᠶᠢᠯᠠᠯᠲᠠ |
ᠭᠠᠳᠠᠭᠠᠳᠤ ᠶ᠋ᠢᠨ ᠢᠷᢉᠡᠨ ᠦ᠋ ᠪᠦᠷᠢᠳᢈᠡᠯ |
ᠭᠠᠳᠠᠭᠠᠳᠤ ᠶ᠋ᠢᠨ ᠢᠷᢉᠡᠨ ᠦ᠋ ᠣᠷᠤᠰᠢᠨ ᠰᠠᠭᠤᠬᠤ ᠵᠥᠪᠰᠢᠶᠡᠷᠡᠯ ᠦ᠋ᠨ ᠬᠠᠰᠤᠯᠲᠠ ᢈᠢᢉᠰᠡᠨ ᠲᠣᠳᠤᠷᠬᠠᠶᠢᠯᠠᠯᠲᠠ |
ᠭᠠᠳᠠᠭᠠᠳᠤ ᠶ᠋ᠢᠨ ᠢᠷᢉᠡᠨ ᠦ᠋ ᠣᠷᠤᠰᠢᠨ ᠰᠠᠭᠤᠬᠤ ᠵᠥᠪᠰᠢᠶᠡᠷᠡᠯ ᠦ᠋ᠨ ᠬᠠᠰᠤᠯᠲᠠ ᢈᠢᢉᠰᠡᠨ ᠲᠣᠳᠤᠷᠬᠠᠶᠢᠯᠠᠯᠲᠠ (ᠠᠨᠪᠢ) |
ᠮᠣᠩᠭᠣᠯ ᠤᠯᠤᠰ ᠤ᠋ᠨ ᠢᠷᢉᠡᠨ ᠦ᠋ ᠬᠠᠷᠢᠶᠠᠯᠠᠯ ᠢ᠋ᠶᠠᠨ ᠰᠡᠷᢉᠦᢉᠡᠨ ᠲᠣᠭᠲᠠᠭᠠᠯᠭᠠᠭᠰᠠᠨ ᠲᠤᠬᠠᠢ ᠲᠣᠳᠤᠷᠬᠠᠶᠢᠯᠠᠯᠲᠠ |
ᠮᠣᠩᠭᠣᠯ ᠤᠯᠤᠰ ᠤ᠋ᠨ ᠬᠠᠷᠢᠶᠠᠲᠤ ᠪᠣᠯᠤᠭᠰᠠᠨ ᠲᠣᠳᠤᠷᠬᠠᠶᠢᠯᠠᠯᠲᠠ |
ᠮᠣᠩᠭᠣᠯ ᠤᠯᠤᠰ ᠤ᠋ᠨ ᠬᠠᠷᠢᠶᠠᠲᠤ ᠠ᠋ᠴᠠ ᠭᠠᠷᠤᠭᠰᠠᠨ ᠡᠰᠡᢈᠦ ᠲᠤᠬᠠᠢ ᠲᠣᠳᠤᠷᠬᠠᠶᠢᠯᠠᠯᠲᠠ |
ᠣᠯᠠᠨ ᠤᠯᠤᠰ ᠤ᠋ᠨ ᠪᠣᠯᠤᠨ ᠭᠠᠳᠠᠭᠠᠳᠤ ᠤᠯᠤᠰ ᠤ᠋ᠨ ᠲᠥᠷᠦ ᠶ᠋ᠢᠨ ᠪᠤᠰᠤ ᠪᠠᠶᠢᠭᠤᠯᠤᠯᠭᠠ ᠶ᠋ᠢᠨ ᠦᠢᠯᠡ ᠠᠵᠢᠯᠯᠠᠭᠠ ᠶᠠᠪᠤᠭᠤᠯᠬᠤ ᠵᠥᠪᠰᠢᠶᠡᠷᠡᠯ ᠲᠡᠢ ᠡᠰᠡᢈᠦ ᠲᠤᠬᠠᠢ ᠲᠣᠳᠤᠷᠬᠠᠶᠢᠯᠠᠯᠲᠠ |