ᠬᠠᠷᠠᠭᠠᠨ ᠤ᠋ ᠪᠡᠷᢈᠡᠰᠢᠶᠡᠯᠲᠡᠢ ᠢᠷᢉᠡᠳ ᠲᠦ ᠮᠡᠳᠡᢉᠡᠯᠡᠯ ᠦ᠋ᠨ ᠲᠧᢈᠨᠣᠯᠣᢉᠢ ᠶ᠋ᠢᠨ ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ ᠰᠤᠷᠭᠠᠯᠲᠠ ᠶ᠋ᠢ ᠵᠣᢈᠢᠶᠠᠨ ᠪᠠᠶᠢᠭᠤᠯᠵᠤ ᠪᠠᠶᠢᠨ᠎ᠠ


ᠴᠠᢈᠢᠮ ᠲᠧᢈᠨᠣᠯᠣᢉᠢ᠂ ᠢᠨ᠋ᠲ᠋ᠧᠷᠨᠧᠲ ᠰᠦᠯᠵᠢᠶ᠎ᠡ ᠬᠤᠷᠳᠤᠴᠠᠲᠠᠢ ᢈᠥᢉᠵᠢᠵᠦ ᠪᠤᠢ ᠥᠨᠦ ᠦᠶ᠎ᠡ ᠳ᠋ᠦ ᠢᠷᢉᠡᠳ ᠮᠡᠳᠡᢉᠡᠯᠡᠯ ᠦ᠋ᠨ ᠲᠧᢈᠨᠣᠯᠣᢉᠢ ᠶ᠋ᠢᠨ ᠪᠣᠯᠤᠮᠵᠢ ᠶ᠋ᠢ ᠠᠰᠢᠭᠯᠠᠨ ᠥᠪᠡᠷ ᠲᠦ ᠱᠠᠭᠠᠷᠳᠠᠯᠭᠠᠲᠠᠢ ᠮᠡᠳᠡᢉᠡᠯᠡᠯ ᠢ᠋ᠶᠡᠨ ᠲᠣᠳᠤᠷᠬᠠᠶᠢᠯᠠᠬᠤ᠂ᠣᠯᠵᠤ ᠠᠪᠬᠤ᠂ ᠦᠨᠡᠯᠡᢈᠦ᠂ ᠬᠤᠪᠢᠶᠠᠯᠴᠠᠬᠤ᠂ ᠨᠢᢉᠡᠳᢈᠡᢈᠦ᠂ ᠰᠢᠨ᠎ᠡ ᠪᠡᠷ ᠪᠦᠲᠦᢉᠡᢈᠦ ᠵᠠᠮ ᠢ᠋ᠶᠠᠷ ᠨᠡᠶᠢᢉᠡᠮ᠂ ᠡᠳ᠋ ᠦ᠋ᠨ ᠵᠠᠰᠠᠭ ᠤ᠋ᠨ ᠠᠮᠢᠳᠤᠷᠠᠯ ᠳ᠋ᠤ ᠢᠳᠡᠪᢈᠢᠲᠡᠢ ᠣᠷᠤᠯᠴᠠᠬᠤ ᠪᠣᠯᠤᠮᠵᠢ ᠨᠡᠮᠡᢉᠳᠡᠵᠦ ᠪᠠᠶᠢᠨ᠎ᠠ᠃

ᠴᠠᢈᠢᠮ ᠦᠶᠢᠯᠡᠴᠢᠯᠡᢉᠡ᠂ ᠲᠧᢈᠨᠣᠯᠣᢉᠢ ᠶ᠋ᠢᠨ ᢈᠡᠷᠡᢉᠯᠡᢉᠡ ᠨᠡᠮᠡᢉᠳᠡᢈᠦ ᠶ᠋ᠢᠨ ᢈᠡᠷ ᠢ᠋ᠶᠡᠷ ᠢᠷᢉᠡᠳ ᠦ᠋ᠨ ᠴᠠᢈᠢᠮ ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ᠂ᠢᠯᠠᠩᠭᠤᠶ᠎ᠠ ᢈᠥᢉᠵᠢᠯ ᠦ᠋ᠨ ᠪᠡᠷᢈᠡᠰᠢᠶᠡᠯᠲᠡᠢ ᠢᠷᢉᠡᠳ ᠦ᠋ᠨ ᢈᠦᠷᠲᠡᢉᠡᠮᠵᠢ ᠶ᠋ᠢ ᠰᠠᠶᠢᠵᠢᠷᠠᠭᠤᠯᠬᠤ ᠨᠢ ᠴᠢᠬᠤᠯᠠ ᠠᠴᠢ ᠬᠣᠯᠪᠤᠭᠳᠠᠯᠲᠠᠢ ᠠᠰᠠᠭᠤᠳᠠᠯ ᠪᠣᠯᠤᠭᠠᠳ ᠪᠠᠶᠢᠨ᠎ᠠ᠃

“ᠢ‍᠆ᠮᠣᠩᠭᠣᠯ ᠠᠻᠠᠳᠧᠮᠢ” ᠤ‍᠂ᠲᠦ‍᠂ᠤ‍ ᠨᠢ 2022 ᠣᠨ ᠤ᠋ ᠭᠤᠷᠪᠠᠳᠤᠭᠠᠷ ᠰᠠᠷ᠎ᠠ ᠠ᠋ᠴᠠ ᠡᢈᠢᠯᠡᠨ ᠪᠦᢈᠦ ᠨᠡᠶᠢᠲᠡ ᠶ᠋ᠢᠨ ᠴᠠᢈᠢᠮ ᠤᠷ᠎ᠠ ᠴᠢᠳᠠᠪᠤᠷᠢ ᠶ᠋ᠢ ᠨᠡᠮᠡᢉᠳᠡᢉᠦᠯᢈᠦ ᠰᠤᠷᠭᠠᠯᠲᠠ ᠶ᠋ᠢ ᠲᠣᠭᠲᠠᠮᠠᠯ ᠵᠣᢈᠢᠶᠠᠨ ᠪᠠᠶᠢᠭᠤᠯᠵᠤ ᠪᠠᠶᠢᠭ᠎ᠠ ᠪᠥᢉᠡᠳ ᠨᠡᠩ ᠢᠯᠠᠩᠭᠤᠶ᠎ᠠ ᠠᠬᠠᠮᠠᠳ ᠨᠠᠰᠤᠲᠠᠨ᠂ᢈᠥᢉᠵᠢᠯ ᠦ᠋ᠨ ᠪᠡᠷᢈᠡᠰᠢᠶᠡᠯᠲᠡᠢ ᠢᠷᢉᠡᠳ ᠦ᠋ᠨ ᠴᠠᢈᠢᠮ ᠤᠷ᠎ᠠ ᠴᠢᠳᠠᠪᠤᠷᠢ ᠶ᠋ᠢ ᠰᠠᠶᠢᠵᠢᠷᠠᠭᠤᠯᠬᠤ᠂ ᠲᠣᠭᠠᠨ ᠲᠡᢉᠰᠢ ᠪᠤᠰᠤ ᠪᠠᠶᠢᠳᠠᠯ ᠢ᠋ ᠪᠠᠭᠤᠷᠠᠭᠤᠯᠬᠤ ᠳ᠋ᠤ ᠣᠨᠴᠤᠭᠤᠶᠢᠯᠠᠨ ᠠᠩᠬᠠᠷᠴᠤ ᠠᠵᠢᠯᠯᠠᠵᠤ ᠪᠠᠶᠢᠨ᠎ᠠ᠃

ᠡᠨᠡ ᢈᠦᠷᠢᠶᠡᠨ ᠳ᠋ᠦ ᠥᠨᠦᠳᠦᠷ /2026᠂03᠂04/ “ᠢ‍᠆ᠮᠣᠩᠭᠣᠯ ᠠᠻᠠᠳᠧᠮᠢ” ᠤᠲᠦᢉ ᠨᠢ ᢈᠥᢉᠵᠢᠯ ᠦ᠋ᠨ ᠪᠡᠷᢈᠡᠰᠢᠶᠡᠯᠲᠡᠢ ᢈᠦᠮᠦᠨ ᠦ᠋ ᢈᠥᢉᠵᠢᠯ ᠦ᠋ᠨ ᠶᠡᠷᠦᠩᢈᠡᠢ ᠭᠠᠵᠠᠷ᠂ᠮᠡᠳᠡᢉᠡᠯᠡᠯ ᠦ᠋ᠨ ᠲᠧᢈᠨᠣᠯᠣᢉᠢ ᠶ᠋ᠢᠨ ᠦᠨᠳᠦᠰᠦᠨ ᠦ᠋ ᠫᠠᠷᠻ᠂ ᠮᠣᠩᠭᠣᠯ ᠤ᠋ᠨ ᠬᠠᠷᠠᠭ᠎ᠠ ᠦᢉᠡᠶᠢᠴᠦᠳ ᠦ᠋ᠨ ᠦᠨᠳᠦᠰᠦᠨ ᠦ᠋ ᠬᠣᠯᠪᠤᠭ᠎ᠠ ᠲᠠᠢ ᠬᠠᠮᠲᠤᠷᠠᠨ ᠬᠠᠷᠠᠭᠠᠨ ᠤ᠋ ᠪᠡᠷᢈᠡᠰᠢᠶᠡᠯᠲᠡᠢ ᠢᠷᢉᠡᠳ ᠲᠦ ᠵᠣᠷᠢᠭᠤᠯᠤᠭᠰᠠᠨ ᠮᠡᠳᠡᢉᠡᠯᠡᠯ ᠦ᠋ᠨ ᠲᠧᢈᠨᠣᠯᠣᢉᠢ ᠶ᠋ᠢᠨ ᠤᠷ᠎ᠠ ᠴᠢᠳᠠᠪᠤᠷᠢ ᠶ᠋ᠢ ᠳᠡᢉᠡᢉᠰᠢᠯᠡᢉᠦᠯᢈᠦ ᠰᠤᠷᠭᠠᠯᠲᠠ ᠶ᠋ᠢ ᠵᠣᢈᠢᠶᠠᠨ ᠪᠠᠶᠢᠭᠤᠯᠵᠤ ᠪᠠᠶᠢᠨ᠎ᠠ᠃

ᠲᠤᠰ ᠰᠤᠷᠭᠠᠯᠲᠠ ᠨᠢ 3 ᠳᠣᠯᠤᠭ᠎ᠠ ᠬᠣᠨᠤᠭ ᠤ᠋ᠨ ᠬᠤᠭᠤᠴᠠᠭᠠᠨ ᠳ᠋ᠤ ᠨᠡᠶᠢᠲᠡ 60 ᠴᠠᠭ ᠤ᠋ᠨ ᠪᠠᠭᠴᠠ ᢈᠥᠲᠦᠯᠪᠦᠷᠢ ᠪᠡᠷ ᢈᠡᠷᠡᢉᠵᠢᢈᠦ ᠪᠥᢉᠡᠳ ᠣᠨᠤᠯ᠂ ᠫᠷᠠᠻᠲ᠋ᠢᠻ ᠬᠣᠣᠰᠯᠠᠭᠰᠠᠨ ᠠᠭᠤᠯᠭ᠎ᠠ ᠲᠠᠢ ᠪᠠᠷ ᠶᠠᠪᠤᠭᠳᠠᠨ᠎ᠠ᠃ ᠰᠤᠷᠭᠠᠯᠲᠠ ᠳ᠋ᠤ ᠬᠠᠮᠤᠷᠤᠭᠳᠠᠭᠰᠠᠨ ᠢᠷᢉᠡᠳ ᠳᠠᠷᠠᠭᠠᢈᠢ ᠤᠷ᠎ᠠ ᠴᠢᠳᠠᠪᠤᠷᠢ ᠨᠤᠭᠤᠳ ᠢ᠋ ᠡᠵᠡᠮᠰᠢᢈᠦ ᠪᠣᠯᠤᠮᠵᠢᠲᠠᠢ᠃ ᠡᢉᠦᠨ ᠳ᠋ᠦ:

  • ᠻᠣᠮᠫᠶᠦ᠋ᠲ᠋ᠧᠷ ᠪᠣᠯᠤᠨ ᠤᠬᠠᠭᠠᠯᠢᠭ ᠤᠲᠠᠰᠤ ᠠᠰᠢᠭᠯᠠᠬᠤ᠂ ᠳᠡᠯᢉᠡᠴᠡ ᠤᠩᠰᠢᠭᠴᠢ ᠫᠷᠣᢉᠷᠠᠮᠮ ᠲᠠᠢ ᠠᠵᠢᠯᠯᠠᠬᠤ
  • ᠴᠠᢈᠢᠮ ᠮᠡᠳᠡᢉᠡᠯᠡᠯ ᠲᠡᠢ ᠠᠵᠢᠯᠯᠠᠬᠤ᠂ ᠮᠡᠳᠡᢉᠡᠯᠡᠯ ᠪᠣᠯᠪᠠᠰᠤᠷᠠᠭᠤᠯᠬᠤ᠂ ᠲᠦᢉᠡᢉᠡᢈᠦ
  • ᠴᠠᢈᠢᠮ ᠦᠶᠢᠯᠡᠴᠢᠯᠡᢉᠡ ᠠᠪᠬᠤ᠂ ᠨᠡᠶᠢᢉᠡᠮ ᠦ᠋ᠨ ᠰᠦᠯᠵᠢᠶ᠎ᠡ ᠪᠣᠯᠤᠨ ᠬᠠᠷᠢᠯᠴᠠᠭᠠᠨ ᠤ᠋ ᢈᠡᠷᠡᢉᠰᠡᠯ ᠠᠰᠢᠭᠯᠠᠬᠤ

ᠡᠨᠡ ᢈᠦ ᠰᠤᠷᠭᠠᠯᠲᠠ ᠨᠢ ᠬᠠᠷᠠᠭᠠᠨ ᠤ᠋ ᠪᠡᠷᢈᠡᠰᠢᠶᠡᠯᠲᠡᠢ ᠢᠷᢉᠡᠳ ᠦ᠋ᠨ ᠪᠣᠯᠪᠠᠰᠤᠷᠠᠯ᠂ ᢈᠥᠳᠡᠯᠮᠦᠷᠢ ᠡᠷᢈᠢᠯᠡᠯᠲᠡ᠂ ᠨᠡᠶᠢᢉᠡᠮ ᠦ᠋ᠨ ᠣᠷᠤᠯᠴᠠᠭ᠎ᠠ ᠶ᠋ᠢ ᠳᠡᠮᠵᠢᢈᠦ᠂ ᠴᠠᢈᠢᠮ ᠣᠷᠴᠢᠨ ᠳ᠋ᠤ ᠲᠡᢉᠰᠢ ᠪᠣᠯᠤᠮᠵᠢ ᠪᠦᠷᠢᠳᠦᢉᠦᠯᢈᠦ ᠳ᠋ᠦ ᠴᠢᠬᠤᠯᠠ ᠠᠴᠢ ᠬᠣᠯᠪᠤᠭᠳᠠᠯᠲᠠᠢ ᠶᠤᠮ᠃

ᠴᠠᢈᠢᠮ ᠤᠷ᠎ᠠ ᠴᠢᠳᠠᠪᠤᠷᠢ ᠶ᠋ᠢᠨ ᠰᠤᠷᠭᠠᠯᠲᠠ ᠲᠠᠢ ᠬᠣᠯᠪᠤᠭᠠᠲᠠᠢ ᠳᠡᠯᢉᠡᠷᠡᠩᢉᠦᠢ ᠮᠡᠳᠡᢉᠡᠯᠡᠯ ᠢ᠋ ᠳᠠᠷᠠᠭᠠᢈᠢ ᠤᠲᠠᠰᠤ ᠪᠠᠷ ᠯᠠᠪᠯᠠᠨ᠎ᠠ ᠤᠤ᠃

ᠬᠣᠯᠪᠤᠭ᠎ᠠ ᠪᠠᠷᠢᠬᠤ ᠤᠲᠠᠰᠤ: 77111197᠆3

ᠨᠡᠶᠢᠲᠡᠯᠡᠭᠰᠡᠨ᠄