ᠢᠷᠭᠡᠳ ᠦᠨ ᠰᠠᠨᠠᠯ᠂ ᠰᠠᠨᠠᠭᠠᠴᠢᠯᠠᠭ᠎ᠠ ᠶᠢ ᠬᠦᠯᠢᠶᠡᠨ ᠠᠪᠬᠤ E-ZASAG·MN ᠬᠡᠷᠡᠭᠯᠡᠭᠡᠨ ᠳᠦ ᠨᠡᠪᠲᠡᠷᠡᠯ᠎ᠡ


ᠢᠷᠭᠡᠳ ᠦᠨ ᠰᠠᠨᠠᠯ᠂ ᠰᠠᠨᠠᠭᠠᠴᠢᠯᠠᠭ᠎ᠠ ᠶᠢ ᠲᠥᠷᠦ ᠶᠢᠨ ᠪᠣᠳᠤᠯᠭ᠎ᠠ᠂ ᠰᠶᠢᠳᠪᠦᠷᠢ ᠭᠠᠷᠭᠠᠬᠤ ᠦᠢᠯᠡ ᠶᠠᠪᠤᠴᠠ ᠲᠠᠢ ᠰᠢᠭᠤᠳ ᠬᠣᠯᠪᠤᠬᠤ ᠮᠣᠩᠭᠣᠯ ᠤᠯᠤᠰ ᠤᠨ ᠵᠠᠰᠠᠭ ᠤᠨ ᠭᠠᠵᠠᠷ ᠤᠨ «e-zasag·mn» ᠴᠠᠬᠢᠮ ᠲᠠᠯᠠᠪᠤᠷ ᠥᠨᠦᠳᠦᠷ ᠠᠯᠪᠠᠨ ᠶᠣᠰᠤ ᠪᠠᠷ ᠬᠡᠷᠡᠭᠯᠡᠭᠡᠨ ᠳᠦ ᠨᠡᠪᠲᠡᠷᠡᠯ᠎ᠡ᠃

ᠲᠤᠰ ᠫᠯᠠᠲ᠋ᠹᠣᠷᠮ ᠢᠶᠠᠷ ᠳᠠᠮᠵᠢᠭᠤᠯᠤᠨ 18 ᠨᠠᠰᠤ ᠬᠦᠷᠦᠭᠰᠡᠨ ᠮᠣᠩᠭᠣᠯ ᠤᠯᠤᠰ ᠤᠨ ᠢᠷᠭᠡᠨ ᠪᠦᠷᠢ ᠲᠥᠷᠦ ᠶᠢᠨ ᠦᠢᠯᠡᠴᠢᠯᠡᠭᠡᠨ ᠦ ᠨᠢᠭᠡᠳᠦᠭᠰᠡᠨ E-Mongolia ᠰᠢᠰᠲ᠋ᠧᠮ ᠳᠦ ᠳᠠᠩ ᠦᠨᠳᠦᠰᠦᠨ ᠦ ᠲᠠᠨᠢᠯᠲᠤ᠂ ᠨᠡᠪᠲᠡᠷᠡᠯᠲᠡ ᠶᠢᠨ ᠰᠢᠰᠲ᠋ᠧᠮ ᠢᠶᠡᠷ ᠨᠡᠪᠲᠡᠷᠡᠵᠦ᠂ ᠸᠧᠪ ᠪᠣᠯᠤᠨ ᠭᠠᠷ ᠤᠲᠠᠰᠤᠨ ᠤ аппликейшн ᠠᠰᠢᠭᠯᠠᠨ ᠰᠠᠨᠠᠯ᠂ ᠰᠠᠨᠠᠭᠠᠴᠢᠯᠠᠭ᠎ᠠ ᠭᠠᠷᠭᠠᠬᠤ᠂ ᠬᠡᠯᠡᠯᠴᠡᠭᠦᠯᠭᠡᠲᠦ ᠣᠷᠤᠯᠴᠠᠬᠤ᠂ ᠮᠣᠩᠭᠣᠯ ᠤᠯᠤᠰ ᠤᠨ ᠶᠡᠷᠦᠩᠬᠡᠢ ᠰᠠᠶᠢᠳ ᠠᠴᠠ ᠠᠰᠠᠭᠤᠯᠲᠠ ᠠᠰᠠᠭᠤᠬᠤ᠂ ᠮᠥᠨ ᠥᠭᠡᠷ᠎ᠡ ᠶᠢᠨ ᠭᠠᠷᠭᠠᠭᠰᠠᠨ ᠰᠠᠨᠠᠯ ᠤᠨ ᠰᠶᠢᠳᠪᠦᠷᠢᠯᠡᠯᠲᠡ ᠶᠢᠨ ᠶᠠᠪᠤᠴᠠ᠂ ᠦᠷ᠎ᠡ ᠳ᠋ᠦᠩ ᠢ ᠬᠢᠨᠠᠬᠤ ᠪᠣᠯᠤᠮᠵᠢ ᠲᠠᠶ ᠪᠣᠯᠤᠯ᠎ᠠ᠃

ᠮᠥᠨ ᠲᠣᠳᠤᠷᠬᠠᠢ ᠠᠰᠠᠭᠤᠳᠠᠯ ᠢᠶᠠᠷ 20᠂000 ᠪᠠ ᠲᠡᠭᠦᠨ ᠡᠴᠡ ᠳᠡᠭᠡᠭᠰᠢ ᠢᠷᠭᠡᠨ ᠰᠠᠨᠠᠯ ᠨᠢᠭᠡᠳᠦᠭᠰᠡᠨ ᠲᠣᠬᠢᠶᠠᠯᠳᠤᠯ ᠳᠤ ᠲᠤᠬᠠᠢ ᠶᠢᠨ ᠠᠰᠠᠭᠤᠳᠠᠯ ᠢ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠡᠯᠡᠯᠴᠡᠨ ᠰᠢᠢᠳᠪᠦᠷᠢᠯᠡᠬᠦ ᠡᠷᠬᠡ ᠵᠦᠢ ᠶᠢᠨ ᠪᠣᠯᠤᠮᠵᠢ ᠪᠦᠷᠢᠳᠴᠦ ᠪᠠᠶᠢᠨ᠎ᠠ᠃

ᠡᠭᠦᠨ ᠡᠴᠡ ᠭᠠᠳᠠᠨ᠎ᠠ ᠢᠷᠭᠡᠳ ᠡᠴᠡ ᠢᠷᠡᠭᠦᠯᠦᠭᠰᠡᠨ ᠰᠠᠨᠠᠯ᠂ ᠬᠦᠰᠡᠯᠲᠡ ᠶᠢ ᠲᠥᠷᠦ ᠶᠢᠨ ᠪᠠᠶᠢᠭᠤᠯᠤᠯᠭ᠎ᠠ ᠨᠤᠭᠤᠳ ᠠᠴᠠ ᠢᠷᠡᠭᠦᠯᠦᠭᠰᠡᠨ ᠮᠡᠳᠡᠭᠡᠯᠡᠯ ᠪᠣᠯᠤᠨ 11-11 ᠲᠥᠪᠳᠡ ᠪᠦᠷᠢᠳᠬᠡᠭᠳᠡᠭᠰᠡᠨ ᠡᠷᠭᠦᠳᠡᠯ᠂ ᠭᠣᠮᠤᠳᠠᠯ ᠲᠠᠶ ᠨᠢᠭᠡᠳᠬᠡᠨ 14 ᠬᠣᠨᠤᠭ ᠲᠤᠲᠤᠮ ᠵᠠᠰᠠᠭ ᠤᠨ ᠭᠠᠵᠠᠷ ᠤᠨ ᠬᠤᠷᠠᠯᠳᠤᠭᠠᠨ ᠳᠤ ᠲᠠᠨᠢᠯᠴᠠᠭᠤᠯᠵᠤ᠂ ᠬᠣᠯᠪᠤᠭᠳᠠᠬᠤ ᠰᠶᠢᠳᠪᠦᠷᠢ ᠶᠢ ᠭᠠᠷᠭᠠᠬᠤ ᠶᠠᠭᠤᠮ᠎ᠠ᠃

ᠢᠷᠭᠡᠳ «e-zasag·mn» ᠫᠯᠠᠲ᠋ᠹᠣᠷᠮ ᠢ ᠸᠧᠪ ᠬᠥᠲᠦᠴᠢ ᠪᠡᠷ ᠠᠰᠢᠭᠯᠠᠬᠤ ᠠᠴᠠ ᠭᠠᠳᠠᠨ᠎ᠠ App Store ᠪᠣᠯᠤᠨ Google Play store - ᠠᠴᠠ ᠭᠠᠷ ᠤᠲᠠᠰᠤᠨ ᠤ аппликейшнийг ᠲᠠᠲᠠᠨ ᠠᠪᠴᠤ ᠠᠰᠢᠭᠯᠠᠬᠤ ᠪᠣᠯᠤᠮᠵᠢ ᠲᠠᠶ᠃

ᠲᠥᠷᠦ ᠶᠢᠨ ᠦᠢᠯᠡ ᠠᠵᠢᠯᠯᠠᠭ᠎ᠠ ᠶᠢ ᠢᠯᠡᠭᠦᠦ ᠨᠡᠭᠡᠭᠡᠯᠲᠡ ᠲᠡᠶ᠂ ᠬᠦᠷᠲᠡᠭᠡᠮᠵᠢ ᠲᠡᠶ᠂ ᠬᠠᠷᠢᠭᠤᠴᠠᠯᠭ᠎ᠠ ᠲᠠᠢ ᠪᠣᠯᠭᠤᠬᠤ ᠳᠤ ᠢᠷᠭᠡᠨ ᠪᠦᠷᠢ ᠶᠢᠨ ᠰᠠᠨᠠᠯ᠂ ᠰᠠᠨᠠᠭᠠᠴᠢᠯᠠᠭ᠎ᠠ ᠴᠢᠬᠤᠯᠠ ᠡᠭᠦᠷᠭᠡ ᠲᠡᠶ᠃ ᠲᠠᠨ ᠤ ᠳᠠᠭᠤ ᠬᠣᠭᠤᠯᠠᠢ ᠲᠥᠷᠦ ᠶᠢᠨ ᠰᠶᠢᠳᠪᠦᠷᠢᠲᠦ ᠲᠤᠰᠬᠤ ᠪᠣᠯᠤᠮᠵᠢ ᠪᠦᠷᠢᠳᠴᠦ ᠪᠠᠶᠢᠭ᠎ᠠ ᠲᠤᠯᠠ «e-zasag·mn» ᠫᠯᠠᠲ᠋ᠹᠣᠷᠮ ᠳᠤ ᠨᠢᠭᠡᠳᠦᠨ᠂ ᠤᠯᠤᠰ ᠣᠷᠤᠨ ᠤ ᠬᠥᠭᠵᠢᠯ ᠳᠦ ᠥᠭᠡᠷ᠎ᠡ ᠶᠢᠨ ᠬᠤᠪᠢ ᠨᠡᠮᠡᠷᠢ ᠪᠡᠨ ᠣᠷᠤᠭᠤᠯᠬᠤ ᠶᠢ ᠤᠷᠢᠵᠤ ᠪᠠᠶᠢᠨ᠎ᠠ᠃

ᠨᠡᠶᠢᠲᠡᠯᠡᠭᠰᠡᠨ᠄